【ᠪᠢᠳᠡ ᠪᠦᠬᠦᠳᠡᠬᠡᠷ ᠪᠣᠯᠪᠠᠰᠤᠨ ᠤ ᠦᠶᠯᠡᠳᠦᠯᠭᠡ ᠳᠤ ᠤᠷᠤᠯᠴᠠᠶ᠎ᠠ】ᠤᠳᠠᠨ ᠰᠡᠭᠦᠳᠡᠷᠲᠦ ᠵᠠᠮ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ︽ᠲᠥᠷᠥ ᠶᠢᠨ ᠪᠣᠳᠣᠯᠭ᠎ᠠ ᠶᠢ ᠨᠡᠶᠢᠭᠡᠮ ᠲᠣᠭᠤᠷᠢᠭ ᠲᠤ ᠤᠬᠠᠭᠤᠯᠤᠨ ᠲᠠᠶᠢᠯᠪᠤᠷᠢᠯᠠᠵᠤ — ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ︿ᠲᠠᠨ ᠤ ᠳᠡᠷᠭᠡᠳᠡ ᠬᠦᠷᠭᠡᠶ᠎ᠡ﹀︾ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/6/15
     ᠬᠠᠷᠢᠶ᠎ᠠ ᠣᠷᠣᠨ ᠤ ᠰᠠᠭᠤᠭᠠᠯᠢ ᠠᠷᠠᠳ ᠪᠦᠬᠦᠨ ᠴᠥᠮ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠲᠥᠷᠥ ᠶᠢᠨ ᠪᠣᠳᠣᠯᠭ᠎ᠠ ᠶᠢ ᠬᠦᠷᠲᠡᠬᠦ ᠶᠢ ᠦᠨᠡᠨ ᠬᠦ ᠪᠠᠲᠤᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠠᠵᠢᠯ ᠢ ᠭᠦᠨᠵᠡᠭᠡᠶ ᠥᠷᠨᠢᠭᠦᠯᠬᠦ ᠪᠠ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠮᠡᠳᠡᠬᠦ ᠬᠡᠮᠵᠢᠶ᠎ᠡ ᠪᠠ ᠳᠠᠭᠠᠳᠬᠠᠯ ᠳᠤ ᠣᠷᠣᠯᠴᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 13 ᠤ ᠡᠳᠦᠷ᠂ ᠤᠳᠠᠨ ᠰᠡᠭᠦᠳᠡᠷᠲᠦ ᠵᠠᠮ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ︽ᠲᠥᠷᠥ ᠶᠢᠨ ᠪᠣᠳᠣᠯᠭ᠎ᠠ ᠶᠢ ᠨᠡᠶᠢᠭᠡᠮ ᠲᠣᠭᠤᠷᠢᠭ ᠲᠤ ᠤᠬᠠᠭᠤᠯᠤᠨ ᠲᠠᠶᠢᠯᠪᠤᠷᠢᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ︿ᠲᠠᠨ ᠤ ᠲᠡᠷᠭᠡᠳᠡ ᠬᠦᠷᠬᠡᠬᠦ﹀︾ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠵᠡᠭᠡᠯᠢ ᠭᠤᠳᠤᠮᠵᠢ ᠶᠢᠨ ᠬᠥᠳᠡᠯᠮᠦᠷᠢ ᠶᠢᠨ ᠪᠠᠲᠤᠯᠠᠭ᠎ᠠ ᠶᠢᠨ ᠠᠵᠢᠯᠲᠠᠨ᠂ ᠡᠯ᠎ᠡ ᠨᠡᠶᠢᠭᠡᠮ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠢ ᠭᠠᠷᠲᠠᠨ ᠭᠦᠶᠴᠡᠳᠬᠡᠬᠦ ᠠᠵᠢᠯᠲᠠᠨ᠂ ᠲᠤᠤᠷᠵᠢᠭᠤᠯᠤᠯᠲᠡ ᠶᠢᠨ ᠬᠠᠮᠢᠶᠠᠷᠤᠯᠲᠠ ᠶᠢᠨ ᠬᠡᠰᠡᠭ ᠠᠵᠢᠯᠲᠠᠨ᠂ ᠨᠡᠶᠢᠭᠡᠮ ᠤᠨ ᠠᠵᠢᠯᠲᠠᠨ᠂ ᠬᠠᠷᠢᠶ᠎ᠠ ᠣᠷᠣᠨ ᠤ ᠰᠠᠭᠤᠭᠠᠯᠢ ᠠᠷᠠᠳ ᠠᠵᠢᠯᠯᠠᠭ᠎ᠠ ᠳᠤ ᠢᠳᠡᠪᠬᠢᠲᠡᠶ ᠣᠷᠣᠯᠴᠠᠪᠠ᠃
     ᠤᠳᠠᠨ ᠰᠡᠭᠦᠳᠡᠷᠲᠦ ᠵᠠᠮ ᠵᠡᠭᠡᠯᠢ ᠭᠤᠳᠤᠮᠵᠢ ᠶᠢᠨ ᠨᠠᠮ ᠤᠨ ᠬᠡᠰᠢᠬᠦᠨ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ ᠤᠨ ᠬᠠᠷᠢᠭᠤᠴᠠᠯᠭᠠᠲᠠᠨ ᠳ᠋ᠦ᠋ ᠵᠢᠤᠸᠠᠨ ᠲᠠᠶᠢᠰᠠᠨ ᠳᠡᠭᠡᠷ᠎ᠡ ᠭᠠᠷᠴᠤ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠨᠠᠷᠢᠨ ᠲᠠᠶᠢᠯᠤᠮᠵᠢ ᠬᠢᠵᠦ ᠡᠬᠢᠯᠡᠪᠡ᠃ ᠲᠡᠷᠡ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠠᠮᠢᠳᠤᠯᠢᠭ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ᠂ ᠮᠦᠩᠬᠦ ᠤᠯᠭᠤᠮᠵᠢ ᠶᠢᠨ ᠪᠠᠲᠤᠯᠠᠭ᠎ᠠ᠂ ᠤᠨᠳᠤᠤ ᠭᠠᠵᠠᠷ ᠲᠤ ᠡᠮᠨᠡᠭᠦᠯᠬᠦ᠂ ᠡᠮᠴᠢᠯᠡᠬᠡᠨ ᠤ ᠠᠪᠤᠷᠠᠨ ᠲᠤᠰᠠᠯᠠᠯᠲᠠ᠂ ᠭᠤᠶᠤᠴᠢᠯᠠᠯ ᠢ ᠬᠦᠯᠢᠶᠡᠵᠦ ᠠᠪᠤᠷᠠᠨ ᠲᠤᠰᠠᠯᠠᠬᠤ ᠵᠡᠷᠭᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠠᠶᠢᠯᠪᠤᠷᠢᠯᠠᠪᠠ᠃ ᠰᠠᠭᠤᠭᠠᠯᠢ ᠠᠷᠠᠳ ᠤᠨ ᠠᠩᠬᠠᠷᠴᠤ ᠪᠠᠶᠢᠭ᠎ᠠ ᠡᠭᠦᠳᠡᠨ ᠡᠮᠨᠡᠯᠭᠡ ᠶᠢᠨ ᠭᠠᠵᠠᠷ ᠲᠤ ︽ᠬᠤᠶᠠᠷ ᠵᠦᠢᠯ ᠤᠨ ᠡᠪᠡᠳᠴᠢᠨ︾᠂ ︽ᠤᠳᠠᠭᠠᠨ ᠴᠢᠨᠠᠷᠲᠠᠶ ᠡᠪᠡᠳᠴᠢᠨ︾ ᠢ ᠡᠮᠨᠡᠬᠦᠯᠬᠦ ᠭᠠᠷᠳᠡᠮ ᠬᠦᠢᠴᠡᠳᠬᠡᠬᠦ᠂ ᠤᠨᠳᠤᠤ ᠭᠠᠵᠠᠷ ᠲᠤ ᠡᠮᠨᠡᠭᠦᠯᠬᠦ ᠶᠢ ᠳᠠᠩᠰᠠᠯᠠᠬᠤ ᠵᠡᠷᠭᠡ ᠠᠰᠠᠭᠤᠳᠠᠯ ᠳᠤ ᠴᠢᠭᠯᠡᠭᠦᠯᠦᠨ ᠨᠠᠷᠢᠨ ᠲᠠᠶᠢᠯᠤᠮᠵᠢ ᠬᠢᠭᠰᠡᠨ ᠪᠥᠭᠡᠳ ᠨᠡᠶᠢᠭᠡᠮ ᠲᠣᠭᠤᠷᠢᠭ ᠤᠨ ᠺᠠᠳ᠋ᠷ ᠤᠨ ᠡᠮ ᠡᠮᠨᠡᠯᠭᠡ ᠶᠢᠨ ᠳᠠᠭᠠᠳᠬᠠᠯ ᠢ ᠭᠠᠷᠲᠠᠨ ᠭᠦᠶᠴᠡᠳᠬᠡᠬᠦ ᠲᠠᠯ᠎ᠠ ᠶᠢᠨ ᠠᠵᠢᠯ ᠢ ᠪᠦᠲᠦᠮᠵᠢᠲᠡᠶ ᠵᠢᠯᠣᠭᠤᠳᠪᠠ᠃ ᠲᠡᠷᠡ᠂ ᠡᠮ ᠡᠮᠨᠡᠯᠭᠡ ᠶᠢᠨ ᠳᠠᠭᠠᠳᠬᠠᠯ ᠪᠣᠯ ᠰᠠᠭᠤᠭᠠᠯᠢ ᠠᠷᠠᠳ ᠨᠢᠭᠡᠪᠦᠷᠢ ᠶᠢᠨ ᠦᠨᠳᠦᠰᠦᠨ ᠠᠰᠢᠭ ᠲᠤᠰᠠ ᠲᠠᠢ ᠬᠤᠯᠪᠣᠭᠳᠠᠬᠤ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠤᠯᠠᠨ ᠢᠶᠠᠷ ᠢᠶᠠᠨ ᠲᠦᠷᠦ ᠶᠢᠨ ᠪᠤᠳᠤᠯᠭ᠎ᠠ ᠶᠢ ᠭᠦᠢᠴᠡᠳ ᠣᠶᠢᠯᠠᠭᠠᠵᠤ᠂ ᠲᠦᠷᠦ ᠶᠢᠨ ᠪᠤᠳᠤᠯᠭ᠎ᠠ ᠶᠢ ᠵᠣᠬᠢᠰᠲᠠᠢ ᠠᠰᠢᠭᠯᠠᠵᠤ᠂ ᠥᠪᠡᠷ ᠤᠨ ᠡᠷᠬᠡ ᠠᠰᠢᠭ ᠢᠶᠠᠨ ᠬᠠᠮᠤᠭ ᠤᠨ ᠶᠡᠭᠡ ᠪᠠᠷ ᠪᠠᠲᠤᠯᠠᠬᠤ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠪᠠ᠃      ᠲᠠᠶᠢᠯᠪᠤᠷᠢᠯᠠᠬᠤ ᠶᠠᠪᠤᠴᠠ ᠳᠤ᠂ ᠳ᠋ᠦ᠋ ᠵᠢᠦᠸᠠᠨ ᠪᠠᠶᠢᠨ ᠪᠠᠶᠢᠨ ᠲᠤᠬᠠᠢ ᠶᠢᠨ ᠲᠠᠯᠠᠪᠠᠢ ᠶᠢᠨ ᠠᠵᠢᠯᠳᠠᠨ ᠪᠣᠯᠤᠨ ᠰᠠᠭᠤᠭᠠᠯᠢ ᠠᠷᠠᠳ ᠲᠠᠢ ᠶᠠᠷᠢᠯᠴᠠᠨ ᠰᠣᠯᠢᠯᠴᠠᠵᠤ᠂ ᠤᠯᠠᠨ ᠤ ᠠᠰᠠᠭᠤᠯᠲᠠ ᠶᠢ ᠬᠠᠷᠢᠭᠤᠯᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠥᠭᠵᠢᠶᠡᠨᠲᠡᠢ ᠪᠥᠭᠡᠳ ᠡᠶ᠎ᠡ ᠨᠠᠶᠢᠷᠲᠠᠢ ᠪᠠᠶᠢᠯ᠎ᠠ᠃ ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠤᠭᠰᠠᠨ ᠪᠥᠭᠡᠳ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠡᠷᠬᠢᠨ ᠨᠠᠩ ᠰᠠᠶᠢᠲᠤᠷ ᠠᠰᠢᠭᠯᠠᠨ ᠥᠪᠡᠷ ᠤᠨ ᠡᠷᠡᠭᠦᠯ ᠮᠡᠨᠳᠦ ᠶᠢᠨ ᠡᠷᠬᠡ ᠠᠰᠢᠭ ᠢᠶᠠᠨ ᠪᠠᠲᠤᠯᠠᠬᠤ ᠲᠤᠬᠠᠶ ᠨᠠᠩ ᠲᠣᠳᠣᠷᠬᠠᠶ ᠪᠣᠯᠤᠭᠰᠠᠨ ᠪᠠᠶᠢᠨ᠎ᠠ ᠭᠡᠵᠡᠶ᠃
      ᠲᠠᠷᠠᠭᠠᠴᠢ ᠶᠢᠨ ᠠᠯᠬᠤᠮ ᠳᠤ᠂ ᠤᠳᠠᠨ ᠰᠡᠭᠦᠳᠡᠷᠲᠦ ᠵᠠᠮ ᠵᠡᠭᠡᠯᠢ ᠭᠤᠳᠤᠮᠵᠢ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠤᠨ ᠡᠪᠡᠳᠴᠢᠨ ᠦᠵᠡᠭᠦᠯᠬᠦ ᠳᠤ ᠨᠠᠩ ᠶᠡᠭᠡ ᠲᠦᠷᠦ ᠶᠢᠨ ᠪᠤᠳᠤᠯᠭ᠎ᠠ ᠶᠢᠨ ᠲᠦᠰᠢᠯᠭᠡ ᠲᠠᠢ ᠪᠣᠯᠭᠠᠨ᠎ᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号