ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/20
      6 ᠰᠠᠷ᠎ᠠ ᠶᠢᠨ 19 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯ ᠬᠤᠷᠠᠯᠳᠤᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠧᠤ ᠮᠢᠨ ᠵᠢᠶᠧ᠂ ᠳᠡᠳ᠋ ᠡᠷᠬᠢᠯᠡᠭᠴᠢ ᠬᠤ᠋ ᠰᠢᠶᠠ᠂ ᠸᠠᠩ ᠸᠧᠶ᠂ ᠯᠢᠦ ᠯᠢ ᠰᠢᠶᠠ᠂ ᠬᠠᠰᠪᠢᠯᠢᠭ᠌ ᠵᠢᠴᠢ ᠭᠡᠰᠢᠭᠦᠨ ᠨᠡᠶᠢᠲᠡ 23 ᠬᠥᠮᠦᠨ ᠬᠤᠷᠠᠯ ᠳᠤ ᠣᠷᠣᠯᠴᠠᠵᠠᠶ᠃ ᠵᠧᠤ ᠮᠢᠨ ᠵᠢᠶᠧ᠂ ᠬᠤ᠋ ᠰᠢᠶᠠ ᠲᠣᠰ ᠲᠣᠰ ᠠᠩᠬᠠᠳᠤᠭᠠᠷ ᠤᠳᠠᠭ᠎ᠠ ᠪᠠ ᠬᠤᠶᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠪᠡ᠃
      ᠲᠣᠭᠤᠷᠢᠭ ᠤᠨ ᠳᠡᠳ᠋ ᠳᠠᠷᠤᠭ᠎ᠠ ᠯᠢ ᠬᠤᠩ ᠢᠦᠶ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠯ᠎ᠡ ᠵᠡᠭᠡᠯᠢ ᠭᠤᠳᠤᠮᠵᠢ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠠᠷᠢᠭᠤᠴᠠᠯᠭᠠᠲᠠᠨ᠂ ᠰᠤᠷᠭᠠᠨ ᠬᠥᠮᠦᠵᠢᠯ ᠤᠨ ᠡᠲᠡᠭᠡᠳ ᠤᠨ ᠠᠷᠠᠳ ᠤᠨ ᠲᠥᠯᠥᠭᠡᠯᠡᠭᠴᠢ ᠶᠢᠨ ᠠᠵᠢᠯᠯᠠᠭ᠎ᠠ ᠶᠢᠨ ᠳᠤᠭᠤᠶᠢᠯᠠᠩ ᠤᠨ ᠬᠠᠷᠢᠭᠤᠴᠠᠯᠭᠠᠲᠠᠨ᠂ ᠪᠤᠭᠤᠲᠤ ᠶᠢᠨ ᠲᠡᠮᠦᠷᠯᠢᠭ ᠢ ᠨᠠᠷᠢᠯᠢᠭ ᠡᠳ᠋ᠰᠢᠭᠦᠯᠬᠦ ᠠᠵᠤ ᠦᠶᠯᠡᠰ ᠤᠨ ᠬᠦᠷᠢᠶᠡᠯᠡᠩ ᠤᠨ ︽ᠠᠷᠠᠳ ᠤᠨ ᠲᠥᠯᠥᠭᠡᠯᠡᠭᠴᠢ ᠶᠢᠨ ᠬᠡᠷ︾ ᠤᠨ ᠬᠠᠷᠢᠭᠤᠴᠠᠯᠭᠠᠲᠠᠨ ᠵᠢᠴᠢ ᠲᠣᠭᠤᠷᠢᠭ ᠤᠨ 5 ᠠᠷᠠᠳ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃      ᠬᠤᠷᠠᠯ ᠠᠴᠠ ᠲᠣᠭᠤᠷᠢᠭ ᠤᠨ ᠳᠡᠳ᠋ ᠳᠠᠷᠤᠭ᠎ᠠ ᠯᠢ ᠬᠤᠩ ᠢᠦᠢ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠳ᠋ᠢᠩ ᠹᠦ᠋ ᠵᠦ᠂ ᠲᠣᠭᠤᠷᠢᠭ ᠤᠨ ᠬᠢᠨᠠᠨ ᠪᠤᠳᠤᠬᠤ ᠲᠣᠪᠴᠢᠶᠠᠨ ᠤ ᠳᠠᠷᠤᠭ᠎ᠠ ᠯᠢᠦᠢ ᠰᠢᠶᠦ᠋ᠩ᠂ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ ᠪᠢᠶᠠᠨ ᠮᠧᠢ᠂ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠼᠠᠢ ᠵᠢᠶᠧ ᠶᠢᠨ ᠬᠢᠭᠰᠡᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 5 ᠲᠥᠯᠥᠭᠡᠯᠡᠭᠴᠢ ᠶᠢᠨ ᠳᠡᠪᠰᠢᠭᠦᠯᠦᠭᠰᠡᠨ ᠪᠢᠴᠢᠭ ᠤᠨ ᠬᠡᠯᠪᠡᠷᠢ ᠶᠢᠨ ᠲᠤᠰᠢᠶᠠᠯ ᠤᠨ ᠮᠡᠳᠡᠭᠦᠯᠦᠯᠲᠡ ᠶᠢ ᠬᠢᠨᠠᠨ ᠵᠥᠪᠯᠡᠭᠰᠡᠨ ᠪᠥᠭᠡᠳ ᠳᠡᠭᠡᠷ᠎ᠡ ᠳᠤᠷᠠᠳᠤᠭᠰᠠᠨ ᠮᠡᠳᠡᠭᠦᠯᠦᠯᠲᠡ ᠳᠤ ᠬᠠᠨᠤᠮᠵᠢᠲᠠᠢ ᠪᠠᠶᠢᠬᠤ ᠬᠡᠮᠵᠢᠶ᠎ᠡ ᠳᠤ ᠪᠠᠲᠤᠯᠠᠯᠲᠠ ᠬᠢᠵᠦ᠂ ᠪᠠᠲᠤᠯᠠᠯᠲᠠ ᠶᠢᠨ ᠦᠷ᠎ᠡ ᠳ᠋ᠦᠩ ᠨᠢ ᠴᠥᠮ ᠬᠠᠨᠤᠮᠵᠢᠲᠠᠢ ᠪᠤᠯᠪᠠ᠃ ᠵᠣᠣ ᠶᠠ ᠶᠢᠨ ᠪᠤᠭᠤᠲᠤ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯᠲᠠ ᠶᠢ ᠭᠥᠯᠢᠶᠡᠨ ᠠᠪᠬᠤ ᠲᠤᠬᠠᠶ ᠰᠢᠶᠳᠪᠦᠷᠢ ︵ᠲᠥᠰᠦᠯ︶ ᠶᠢ ᠬᠢᠨᠠᠨ ᠵᠥᠪᠯᠡᠵᠦ ᠪᠠᠲᠤᠯᠠᠨ᠂ ᠣᠨᠴᠠ ᠵᠠᠷᠢᠮ ᠲᠥᠯᠥᠭᠡᠯᠡᠭᠴᠢ ᠶᠢᠨ ᠲᠥᠯᠥᠭᠡᠯᠡᠭᠴᠢ ᠶᠢᠨ ᠬᠢᠷᠢ ᠬᠡᠮ ᠢᠶᠠᠨ ᠲᠤᠰᠢᠶᠠᠬᠤ ᠭᠤᠶᠤᠴᠢᠯᠠᠯ ᠤᠨ ᠵᠦᠶᠯᠡᠰ ᠢ ᠪᠠᠲᠤᠯᠠᠪᠠ᠃      ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠬᠤᠯᠪᠣᠭᠳᠠᠯ ᠪᠥᠬᠦᠶ ᠵᠦᠶᠯᠡᠰ ᠢ ᠪᠠᠲᠤᠯᠠᠵᠤ᠂ ᠢᠦᠶ ᠷᠦᠢ ᠴᠢᠩ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠭᠤᠷᠢᠭ ᠤᠨ ᠳᠡᠳ᠋ ᠳᠠᠷᠤᠭ᠎ᠠ ᠪᠠᠷ ᠲᠣᠮᠢᠯᠠᠵᠤ᠂ ᠯᠢᠦ ᠷᠦᠢ ᠯᠦᠩ ᠤᠨ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠢᠨ ᠲᠤᠰᠢᠶᠠᠯ ᠠᠴᠠ ᠪᠠᠨ ᠪᠠᠭᠤᠬᠤ ᠭᠤᠶᠤᠴᠢᠯᠠᠯ ᠢ ᠭᠥᠯᠢᠶᠡᠨ ᠠᠪᠴᠤ᠂  ᠬᠤ᠋ ᠲᠢᠩ ᠢ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠤᠷᠤᠯᠠᠬᠴᠢ ᠡᠷᠬᠢᠯᠡᠭᠴᠢ ᠶᠢᠨ ᠲᠤᠰᠢᠶᠠᠯ ᠳᠤ ᠲᠤᠮᠢᠯᠠᠬᠤ ᠪᠠᠷ ᠲᠣᠭᠲᠠᠪᠠ᠃ ᠵᠧᠤ ᠮᠢᠨ ᠵᠢᠶᠧ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠦᠮᠦᠰ ᠦᠨᠳᠦᠰᠦᠨ ᠬᠠᠤᠯᠢ ᠳᠤ ᠲᠠᠩᠭᠠᠷᠢᠭᠯᠠᠭᠰᠠᠨ ᠪᠥᠭᠡᠳ ᠣᠪᠣᠷ ᠢᠶᠠᠨ ᠢᠯᠡᠳᠬᠡᠬᠦ ᠦᠭᠡ ᠬᠡᠯᠡᠵᠡᠶ᠃ ︵ᠰᠤᠷᠪᠤᠯᠵᠢᠯᠠᠭᠴᠢ᠄ ᠵᠣᠣ ᠶᠢᠨ ᠹᠧᠩ  ᠬᠢᠨᠠᠨ ᠬᠠᠷᠭᠤᠭᠤᠯᠤᠬᠰᠠᠨ ᠨᠢ  ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号