ᠶᠢᠨ ᠶᠦᠩ ᠯᠢ ᠳᠠᠭᠠᠭᠠᠴᠢᠯᠠᠨ ᠬᠠᠷᠢᠯᠴᠠᠬᠤ ᠠᠵᠤ ᠠᠬᠤᠶᠢᠯᠠᠯ ᠢᠶᠠᠷ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/6/21
     6 ᠰᠠᠷ᠎ᠠ ᠶᠢᠨ 19 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠳᠠᠭᠠᠭᠠᠴᠢᠯᠠᠨ ᠬᠠᠷᠢᠯᠴᠠᠵᠤ ᠦᠶᠯᠡᠴᠢᠯᠡᠨ ᠪᠠᠲᠤᠯᠠᠬᠤ ᠭᠤᠤᠯᠳᠠᠯᠭ᠎ᠠ ᠲᠠᠢ ᠠᠵᠤ ᠠᠬᠤᠶᠢᠯᠠᠯ ᠢᠶᠠᠷ ᠲᠣᠭᠤᠷᠢᠨ ᠦᠵᠡᠪᠡ᠃ ᠥᠪᠥᠷ ᠮᠣᠩᠭᠤᠯ ᠤᠨ ᠲᠦᠩ ᠸᠧᠢ ᠶᠢᠨ ᠳᠡᠭᠡᠳᠦ ᠴᠡᠪᠡᠷ ᠲᠠᠯᠠᠰᠲᠤ ᠴᠠᠬᠢᠭᠤᠷ ᠤᠨ ᠬᠢᠵᠠᠭᠠᠷᠲᠤ ᠺᠣᠮᠫᠠᠨᠢ᠂ ᠪᠤᠭᠤᠲᠤ ᠶᠢᠨ ᠪᠤᠯᠤᠳ ᠲᠡᠮᠦᠷ ᠤᠨ ᠬᠤᠯᠪᠤᠭ᠎ᠠ ᠶᠢᠨ ᠬᠤᠪᠢᠴᠠᠭᠠᠳᠤ ᠬᠢᠵᠠᠭᠠᠷᠲᠤ ᠺᠣᠮᠫᠠᠨᠢ ᠳᠤ᠂ ᠶᠢᠨ ᠶᠦᠩ ᠯᠢ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠲᠦᠷᠦᠯ ᠵᠦᠢᠯ ᠤᠨ ᠠᠬᠢᠴᠠ ᠪᠣᠯᠤᠨ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠲᠤᠬᠠᠢ ᠶᠢᠨ ᠲᠠᠯᠠᠪᠠᠢ ᠳᠤ ᠰᠤᠳᠤᠯᠤᠨ ᠵᠣᠬᠢᠴᠠᠭᠤᠯᠤᠭᠰᠠᠨ ᠪᠥᠭᠡᠳ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃        ᠶᠢᠨ ᠶᠦᠩ ᠯᠢ᠂ ᠠᠵᠤ ᠠᠬᠤᠶᠢᠯᠠᠯ ᠪᠣᠯ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠮᠥᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠤᠬᠢᠷᠠᠭᠤᠯᠬᠤ ᠴᠢᠬᠤᠯᠠ ᠬᠥᠳᠡᠯᠭᠡᠭᠦᠷ ᠮᠥᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠮᠥᠨ᠃ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠶᠢᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠶᠠᠪᠤᠵᠤ ᠦᠶᠯᠡᠴᠢᠯᠡᠬᠦ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠦᠶᠯᠡᠳᠪᠦᠷᠢᠯᠡᠯ ᠤᠨ ᠡᠮᠦᠨ᠎ᠡ ᠹᠷᠣᠨᠲ ᠲᠤ ᠪᠠᠶᠢᠩᠭᠤ ᠭᠦᠨᠵᠡᠭᠡᠶᠢᠷᠡᠵᠦ᠂ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ︾ ᠪᠠᠷ ᠠᠵᠤ ᠠᠬᠤᠶᠢᠯᠠᠯ ᠤᠨ ᠡᠷᠬᠢᠯᠳᠡ ᠶᠢᠨ ᠳᠤᠮᠳᠠᠬᠢ ᠲᠦᠭᠵᠢᠷᠡᠯ᠂ ᠪᠣᠭᠤᠮᠢ ᠪᠤᠯᠵᠤ ᠪᠠᠶᠢᠭ᠎ᠠ ᠠᠰᠠᠭᠤᠳᠠᠯ ᠢ ᠨᠡᠪᠲᠡᠷᠡᠭᠦᠯᠵᠦ᠂ ᠤᠰᠤ᠂ ᠴᠠᠬᠢᠯᠭᠠᠨ᠂ ᠰᠢᠲᠠᠮᠠᠬᠠᠶ ᠬᠡᠶ᠂ ᠵᠠᠮ᠂ ᠬᠤᠭᠤᠯᠠᠶ ᠶᠢᠨ ᠲᠤᠤᠷ ᠵᠡᠷᠭᠡ ᠢᠵᠢ ᠪᠥᠷᠢᠳᠦᠭᠦᠯᠬᠦ ᠲᠤᠨᠤᠭ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠬᠦᠰᠬᠡ ᠬᠥᠩᠭᠡᠨ ᠢᠶᠠᠷ ᠠᠵᠢᠯ ᠳᠤ ᠭᠠᠷᠬᠤ᠂ ᠰᠠᠨᠠᠭ᠎ᠠ ᠠᠮᠤᠷ᠂ ᠲᠠᠭᠠᠯᠠᠮᠵᠢᠲᠠᠶ ᠪᠠᠷ ᠬᠥᠭᠵᠢᠬᠦ ᠳᠤ ᠬᠦᠴᠦᠨ ᠨᠡᠮᠡᠷᠢᠯᠡᠬᠦ ᠬᠡᠷᠡᠭᠲᠡᠶ᠃ ︽ᠲᠠᠨ ᠳᠤ ᠲᠠᠭᠠᠰᠢᠶᠠᠭᠳᠠᠭᠰᠠᠨ ᠪᠤᠭᠤᠳᠤ︾ ︽ᠲᠠᠨ ᠳᠤ ᠬᠠᠨᠤᠮᠵᠢᠳᠠᠢ    ᠪᠠᠶᠢᠬᠤ ᠶᠢ ᠪᠠᠳᠤᠯᠬᠠᠤ︾ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠲᠦᠷᠦᠯ ᠲᠡᠮᠳᠡᠭ ᠢ ᠦᠷᠭᠦᠯᠵᠢᠯᠡᠨ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ᠂ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠬᠤ᠂ ᠲᠥᠷᠥᠯ ᠵᠦᠶᠯ ᠤᠨ ᠭᠠᠷᠳᠠᠮ ᠭᠦᠶᠴᠡᠳᠬᠡᠬᠦ ᠶᠠᠪᠤᠴᠠ ᠶᠢ ᠲᠦᠷᠭᠡᠳᠬᠡᠬᠦ ᠵᠡᠷᠭᠡ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠠᠵᠤ ᠠᠬᠤᠶᠢᠯᠠᠯ ᠤᠨ ᠡᠵᠡᠩᠨᠡᠯᠲᠡ ᠪᠠᠨ ᠥᠷᠭᠡᠳᠬᠡᠬᠦ᠂ ᠠᠵᠤ ᠦᠶᠯᠡᠰ ᠤᠨ ᠬᠡᠯᠬᠢᠶ᠎ᠡ ᠪᠠᠨ ᠤᠷᠲᠤᠳᠬᠠᠬᠤ᠂ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ ᠬᠠᠮᠢᠶ᠎ᠠ ᠪᠥᠬᠦᠶ ᠠᠵᠤ ᠠᠬᠤᠶᠢᠯᠠᠯ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠬᠠᠳᠠᠭᠠᠯᠠᠭᠳᠠᠴᠠ ᠪᠠᠨ ᠪᠠᠬᠢᠵᠢᠭᠦᠯᠬᠦ᠂ ᠨᠡᠮᠡᠭᠳᠡᠯ ᠢᠶᠠᠨ ᠥᠷᠭᠡᠳᠬᠡᠬᠦ᠂ ᠠᠵᠤ ᠦᠶᠯᠡᠰ ᠤᠨ ᠬᠡᠯᠬᠢᠶ᠎ᠡ ᠪᠠᠨ ᠤᠷᠲᠤᠳᠬᠠᠬᠤ᠂ ᠨᠡᠮᠡᠯᠲᠡ ᠥᠷᠲᠡᠭ ᠢᠶᠠᠨ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠦᠶᠯᠡᠳᠬᠦᠨ ᠪᠠ ᠦᠶᠯᠡᠴᠢᠯᠡᠭᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠥᠨᠳᠡᠯᠡᠨ ᠲᠣᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠶ᠃ ᠠᠶᠤᠯᠭᠦᠶ ᠦᠶᠯᠡᠳᠪᠦᠷᠢᠯᠡᠯ ᠤᠨ ᠬᠤᠷᠢᠭ᠎ᠠ ᠱᠤᠭᠤᠮ ᠢ ᠴᠠᠭ ᠢᠮᠠᠭᠲᠠ ᠪᠠᠲᠤ ᠰᠠᠬᠢᠵᠤ᠂ ᠠᠶᠤᠯᠭᠦᠶ ᠦᠶᠯᠡᠳᠪᠦᠷᠢᠯᠡᠯ ᠤᠨ ᠲᠦᠷᠢᠮ ᠲᠣᠭᠲᠠᠭᠠᠯ ᠪᠣᠯᠤᠨ ᠠᠵᠢᠯᠯᠠᠭᠠᠨ ᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠨᠠᠷᠢᠯᠢᠭ ᠰᠠᠶᠢᠲᠤᠷ ᠬᠢᠵᠦ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠶ ᠦᠶᠯᠡᠳᠪᠦᠷᠢᠯᠡᠯ ᠤᠨ ᠠᠵᠢᠯ ᠢ ᠴᠢᠩᠭ᠎ᠠ ᠠᠳᠬᠤᠨ ᠪᠣᠳᠠᠲᠠᠶ ᠠᠳᠬᠤᠵᠤ᠂ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠪᠣᠯᠤᠨ ᠥᠨᠳᠥᠷ ᠲᠦᠪᠰᠢᠨ ᠪᠥᠬᠦᠶ ᠠᠮᠤᠷ ᠲᠦᠪᠰᠢᠨ ᠤ ᠰᠠᠶᠢᠨ ᠰᠠᠶᠢᠬᠠᠨ ᠬᠦᠳᠡᠯᠦᠯᠴᠡᠭᠡ ᠶᠢ ᠦᠨᠡᠨ ᠬᠦ ᠪᠡᠶᠡᠯᠡᠭᠦᠯᠬᠦ ᠬᠡᠷᠡᠭᠲᠡᠶ ᠭᠡᠪᠠ᠃        ᠲᠤᠭᠤᠷᠢᠭ ᠤᠨ ᠤᠳᠤᠷᠢᠳᠤᠯᠭ᠎ᠠ ᠢᠦᠶ ᠷᠦᠢ ᠴᠢᠩ᠂ ᠰᠤ᠋ ᠵᠢᠶᠦ᠋ᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠭᠤᠷᠢᠨ ᠦᠵᠡᠬᠦ ᠠᠵᠢᠯᠯᠠᠭ᠎ᠠ ᠳᠤ ᠣᠷᠣᠯᠴᠠᠪᠠ᠃  ︵ᠰᠤᠷᠪᠤᠯᠵᠢᠯᠠᠭᠴᠢ᠄ ᠯᠧᠢ ᠶᠤᠸᠠᠨ ᠶᠤᠸᠠᠨ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号