ᠶᠢᠨ ᠶᠦᠩ ᠯᠢ ᠲᠤᠯᠠᠭᠠᠯᠠᠭ᠎ᠠ ᠶᠢᠨ ᠢᠨᠵᠧᠨᠧᠷᠢᠩ᠂ ᠬᠠᠭᠤᠴᠢᠨ ᠬᠤᠷᠢᠶᠠᠯᠠᠯ ᠢ ᠥᠭᠡᠷᠡᠴᠢᠯᠡᠡ ᠰᠢᠨᠡᠳᠬᠡᠬᠦ᠂ ᠪᠣᠷᠣᠭᠠᠨ ᠤ ᠤᠰᠤ ᠪᠣᠬᠢᠷ ᠤᠰᠤᠨ ᠤ ᠬᠤᠭᠤᠯᠠᠶ ᠶᠢᠨ ᠲᠤᠤᠷ ᠢ ᠥᠭᠡᠷᠡᠴᠢᠯᠡᠡ ᠪᠠᠶᠢᠭᠤᠯᠬᠤ ᠲᠥᠷᠥᠯ ᠵᠦᠶᠯ ᠵᠢᠴᠢ ᠠᠶᠤᠯᠭᠦᠶ ᠦᠶᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/24
    6 ᠰᠠᠷ᠎ᠠ ᠶᠢᠨ 20 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠲᠤᠯᠠᠭᠠᠯᠠᠭ᠎ᠠ ᠶᠢᠨ ᠢᠨᠵᠧᠨᠧᠷᠢᠩ᠂ ᠬᠠᠭᠤᠴᠢᠨ ᠬᠤᠷᠢᠶᠠᠯᠠᠯ ᠢ ᠥᠭᠡᠷᠡᠴᠢᠯᠡᠡ ᠰᠢᠨᠡᠳᠬᠡᠬᠦ᠂ ᠪᠣᠷᠣᠭᠠᠨ ᠤ ᠤᠰᠤ ᠪᠣᠬᠢᠷ ᠤᠰᠤᠨ ᠤ ᠬᠤᠭᠤᠯᠠᠶ ᠶᠢᠨ ᠲᠤᠤᠷ ᠢ ᠥᠭᠡᠷᠡᠴᠢᠯᠡᠡ ᠪᠠᠶᠢᠭᠤᠯᠬᠤ ᠲᠥᠷᠥᠯ ᠵᠦᠶᠯ ᠵᠢᠴᠢ ᠠᠶᠤᠯᠭᠦᠶ ᠦᠶᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃      ᠶᠢᠨ ᠶᠦᠩ ᠯᠢ ᠨᠡᠷ ᠤᠷᠢᠳ ᠬᠤᠵᠢᠳ ᠢᠦᠢ ᠴᠢᠤᠸᠠᠨ ᠵᠢᠶᠠ ᠶᠤᠸᠠᠨ᠂ ᠰᠢᠨ ᠳ᠋ᠧ ᠶᠤᠸᠠᠨ ᠬᠤᠷᠢᠶᠠᠯᠠᠯ᠂ ᠪᠦᠯᠬᠦᠮᠳᠡᠯ 20 ᠳ᠋ᠤᠭᠠᠷ ᠵᠡᠬᠡᠯᠢ ᠭᠤᠳᠤᠮᠵᠢ ᠶᠢᠨ ᠪᠣᠭᠤᠮᠲᠠ ᠬᠤᠷᠢᠶᠠᠯᠠᠯ᠂ ᠵᠢᠶᠠᠩᠨᠠᠨ ᠤ ᠸᠧᠨ ᠱᠤ᠋ ᠶᠤᠸᠠᠨ ᠬᠤᠷᠢᠶᠠᠯᠠᠯ ᠤᠨ ᠬᠤᠭᠤᠷᠣᠨᠳᠣᠬᠢ ᠵᠠᠮ ᠵᠡᠷᠭᠡ ᠭᠠᠵᠠᠷ ᠢᠶᠠᠷ ᠬᠦᠷᠴᠦ᠂ ᠪᠠᠷᠢᠯᠭ᠎ᠠ ᠶᠢᠨ ᠠᠵᠢᠯ ᠪᠣᠯᠤᠨ ᠲᠦᠷᠦᠯ ᠵᠦᠢᠯ ᠤᠨ ᠥᠭᠡᠷᠡᠴᠢᠯᠡᠯᠲᠡ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠢᠯᠴᠢ ᠶᠢᠨ ᠡᠬᠢ ᠶᠢᠨ ᠲᠠᠷᠬᠠᠯᠲᠠ᠂ ᠬᠤᠭᠤᠯᠠᠢ ᠶᠢᠨ ᠲᠣᠣᠷ ᠢ ᠢᠵᠢ ᠪᠦᠷᠢᠳᠦᠬᠦᠯᠬᠦ᠂ ᠪᠠᠷᠢᠯᠭ᠎ᠠ ᠶᠢᠨ ᠵᠢᠷᠤᠭ ᠲᠥᠯᠥᠪᠯᠡᠭᠡ᠂ ᠬᠤᠷᠢᠶᠠᠯᠠᠯ ᠤᠨ ᠬᠤᠭᠤᠯᠠᠢ ᠶᠢ ᠥᠭᠡᠷᠡᠴᠢᠯᠡᠨ ᠰᠠᠶᠢᠵᠢᠷᠠᠭᠤᠯᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠬᠠᠢ ᠶᠢᠨ ᠲᠠᠯᠠᠪᠠᠢ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃      ᠶᠢᠨ ᠶᠦᠩ ᠯᠢ᠂ ︽ᠲᠤᠯᠠᠭᠠᠯᠠᠭ᠎ᠠ ᠶᠢᠨ ᠢᠨᠵᠧᠨᠧᠷᠢᠩ︾ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠶᠤᠨ ᠤᠬᠠᠭᠠᠨ ᠬᠦᠴᠦᠨ ᠴᠢᠳᠠᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠦᠬᠦ ᠬᠦᠴᠦᠨ ᠢᠶᠠᠷ ᠢᠶᠠᠨ ᠠᠬᠢᠭᠤᠯᠤᠨ ᠬᠡᠷᠡᠭᠵᠢᠭᠦᠯᠬᠦ ᠬᠡᠷᠡᠭᠲᠡᠢ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠢᠯᠴᠢ ᠬᠠᠩᠭᠠᠬᠤ ᠲᠤᠬᠠᠢ ᠥᠭᠡᠷᠡᠴᠢᠯᠡᠨ ᠪᠠᠶᠢᠭᠤᠯᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠣᠯᠠᠨ ᠵᠦᠶᠯ ᠤᠨ ᠲᠥᠰᠦᠯ ᠢ ᠠᠮᠢᠳᠤᠯᠢᠭ ᠢᠶᠠᠷ ᠬᠡᠷᠡᠭᠯᠡᠨ ᠢᠯᠴᠢ ᠬᠠᠩᠭᠠᠬᠤ ᠲᠤᠬᠠᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠠᠬᠢᠭᠤᠯᠵᠤ᠂ ᠥᠭᠡᠷᠡᠴᠢᠯᠡᠬᠦ ᠠᠵᠢᠯ ᠢ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠵᠦ᠂ ᠪᠥᠬᠦ ᠲᠤᠭᠤᠷᠢᠭ ᠤᠨ ᠠᠷᠠᠳ ᠣᠯᠠᠨ ᠤ ᠢᠯᠴᠢ ᠬᠠᠩᠭᠠᠬᠤ ᠤᠯᠠᠷᠢᠯ ᠳᠤ ︽ᠲᠤᠯᠠᠭᠠᠯᠠᠭ᠎ᠠ ᠶᠢᠨ ᠢᠨᠵᠧᠨᠧᠷᠢᠩ︾ ᠤᠨ ᠠᠪᠴᠢᠷᠠᠭᠰᠠᠨ ᠦᠨᠡᠨ ᠪᠣᠳᠠᠲᠠᠶ ᠬᠤᠪᠢᠷᠠᠯᠲᠠ ᠶᠢ ᠦᠨᠡᠨ ᠪᠤᠳᠠᠳᠠᠢ ᠤᠯᠵᠤ ᠮᠡᠳᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠠᠭᠤᠴᠢᠨ ᠬᠤᠷᠢᠶᠠᠯᠠᠯ ᠢ ᠥᠭᠡᠷᠡᠴᠢᠯᠡᠨ ᠰᠢᠨᠡᠳᠬᠡᠬᠦ ᠪᠠ ᠪᠣᠷᠣᠭᠠᠨ ᠤ ᠤᠰᠤ ᠪᠣᠬᠢᠷ ᠤᠰᠤᠨ ᠤ ᠬᠤᠭᠤᠯᠠᠶ ᠶᠢᠨ ᠲᠤᠤᠷ ᠢ ᠥᠭᠡᠷᠡᠴᠢᠯᠡᠨ ᠰᠢᠨᠡᠳᠬᠡᠬᠦ ᠲᠥᠷᠥᠯ ᠵᠦᠶᠯ ᠢ ᠯᠠᠪᠳᠠᠭᠤᠨ ᠪᠠᠲᠤᠲᠠᠶ ᠠᠬᠢᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠤᠷᠢᠶᠠᠨ ᠴᠤᠭᠯᠠᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠤᠨ ᠪᠥᠬᠦ ᠶᠠᠪᠤᠴᠠ ᠳᠤ ᠲᠤᠭᠤᠰᠢᠯᠠᠭᠤᠯᠤᠨ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠦᠨᠡᠨ ᠬᠦ ᠪᠣᠳᠠᠲᠠᠶ ᠨᠠᠷᠢᠯᠢᠭ ᠬᠢᠬᠦ ᠬᠡᠷᠡᠭᠲᠡᠶ᠃ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠰᠢᠨᠵᠢᠯᠡᠬᠦ ᠤᠬᠠᠭᠠᠨᠴᠢ ᠪᠦᠬᠡᠳ ᠵᠦᠢ ᠵᠣᠬᠢᠰᠲᠠᠢ ᠪᠠᠷ ᠲᠥᠯᠥᠪᠵᠢᠭᠦᠯᠵᠦ᠂ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠴᠠᠭ ᠤᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠡᠳᠦᠷ ᠲᠤᠭᠠᠯᠠᠨ ᠵᠢᠭᠰᠠᠭᠠᠵᠤ᠂ ᠲᠦᠷᠭᠡᠨ ᠠᠬᠢᠭᠤᠯᠵᠤ᠂ ᠡᠯ᠎ᠡ ᠲᠦᠷᠦᠯ ᠵᠦᠢᠯ ᠤᠨ ᠲᠣᠭᠲᠠᠭᠰᠠᠨ ᠴᠠᠭ ᠲᠠᠭᠠᠨ ᠪᠠᠷᠢᠯᠭ᠎ᠠ ᠳᠠᠭᠤᠰᠬᠤ ᠶᠢ ᠪᠠᠲᠤᠯᠠᠬᠤ ᠬᠡᠷᠡᠭᠲᠡᠢ᠃ ᠠᠶᠤᠯᠭᠦᠶ ᠦᠶᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠠᠶᠤᠯᠭᠦᠶ ᠦᠶᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠣᠯᠤᠨ ᠡᠯ᠎ᠡ ᠵᠦᠶᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠵᠤ᠂ ᠥᠭᠡᠷᠡᠴᠢᠯᠡᠨ ᠰᠢᠨᠡᠳᠬᠡᠬᠦ ᠢᠨᠵᠧᠨᠧᠷᠢᠩ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠶ ᠬᠡᠪᠡ᠃      ᠲᠤᠭᠤᠷᠢᠭ ᠤᠨ ᠤᠳᠤᠷᠢᠳᠤᠯᠭ᠎ᠠ ᠰᠤ᠋ ᠵᠢᠶᠦ᠋ᠨ᠂ ᠶᠠᠩ ᠶᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ  ᠨᠢᠭᠡᠴᠢ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠶᠠᠨ ᠢ ᠫᠸᠢ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号