ᠬᠥᠨᠳᠡᠯᠡᠨ ᠲᠣᠭᠤᠷᠢᠭ ︽ᠪᠤᠭᠤᠳᠤ ᠶᠢᠨ ᠮᠠᠷᠠᠰᠤᠨ ᠤ ᠤᠷᠤᠯᠳᠤᠭᠠᠨ︾  ᠤ ᠠᠶᠠᠯᠠᠯ ᠢ ᠬᠠᠮᠠᠭᠠᠯᠠᠵᠤ ᠵᠠᠮ ᠳᠠᠭᠠᠤ ᠬᠤᠲᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2024/6/24
      ᠨᠢᠭᠡ ᠳᠤ᠂ ᠵᠠᠮ ᠳᠠᠭᠠᠤ ᠬᠤᠲᠠ ᠶᠢᠨ ᠳᠦᠷᠢ ᠲᠥᠷᠬᠦ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠪᠠ᠃ 6 ᠰᠠᠷ᠎ᠠ ᠶᠢᠨ 1 ᠤ ᠡᠳᠦᠷ ᠠᠴᠠ 6 ᠰᠠᠷ᠎ᠠ ᠶᠢᠨ 10 ᠤ ᠡᠳᠦᠷ ᠪᠣᠯᠲᠠᠯ᠎ᠠ᠂ ᠲᠤᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠨᠡᠶᠢᠲᠡ 400 ᠭᠠᠷᠤᠶ ᠭᠠᠵᠠᠷ ᠲᠠᠬᠢ ᠦᠨᠡᠮᠯᠡᠯ ᠦᠭᠡᠢ ᠡᠵᠡᠩᠨᠡᠵᠤ ᠪᠠᠶᠢᠬᠰᠠᠨ ᠲᠡᠯᠭᠡᠭᠡ ᠬᠤᠳᠠᠯᠳᠤᠭᠠᠴᠢᠨ᠂ 300 ᠭᠠᠷᠤᠶ ᠭᠠᠵᠠᠷ ᠲᠠᠬᠢ ︽ᠭᠤᠷᠪᠠᠨ ᠳᠤᠷ᠎ᠠ ᠪᠠᠷ ᠢᠶᠠᠨ︾ ᠵᠢᠵᠢᠭ ᠵᠠᠷ ᠮᠡᠳᠡᠭᠡ ᠶᠢ ᠴᠡᠪᠡᠷᠯᠡᠵᠦ᠂ 220 ᠭᠠᠷᠤᠶ ᠭᠠᠵᠠᠷ ᠲᠠᠬᠢ ᠵᠠᠮ ᠡᠵᠡᠯᠡᠨ ᠡᠵᠡᠩᠨᠡᠵᠤ ᠪᠠᠶᠢᠭ᠎ᠠ ᠠᠵᠢᠯᠯᠠᠭ᠎ᠠ ᠶᠢ ᠴᠡᠭᠴᠡᠯᠡᠨ ᠴᠡᠪᠡᠷᠯᠡᠪᠡ᠃ ᠬᠤᠶᠠᠷ ᠲᠤ᠂ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠪᠠ᠃ ᠡᠯ᠎ᠡ ᠵᠡᠭᠡᠯᠢ ᠳᠠᠭᠠᠤ ᠬᠤᠳᠠᠯᠳᠤᠭ᠎ᠠ ᠳᠡᠯᠭᠡᠭᠦᠷ ᠢ ᠱᠠᠯᠠᠪᠳᠠᠭᠤᠯᠤᠨ ᠪᠠᠶᠢᠴᠠᠭᠠᠵᠤ ︽ᠡᠭᠦᠳᠡᠨ ᠡᠮᠦᠨᠡᠬᠢ ᠭᠤᠷᠪᠠ ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠪᠠ︔ ᠤᠷᠤᠯᠳᠤᠭᠠᠨ ᠤ ᠬᠤᠭᠤᠴᠠᠭᠠᠨ ᠳᠠᠬᠢ ᠤᠷᠤᠯᠳᠤᠭᠠᠨ ᠤ ᠵᠠᠮ ᠤᠨ ᠬᠤᠶᠠᠷ ᠬᠠᠵᠠᠭᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠢᠩᠭᠠᠳᠬᠠᠨ ᠴᠡᠪᠡᠷᠯᠡᠵᠦ᠂ ᠤᠰᠤ ᠰᠦᠷᠴᠢᠨ ᠲᠣᠭᠤᠰᠣ ᠠᠷᠢᠯᠭᠠᠬᠤ ᠶᠢ ᠪᠡᠶᠡᠯᠡᠬᠦᠯᠪᠡ︔ ᠬᠤᠲᠠ ᠶᠢᠨ ᠲᠣᠭᠤᠷᠢᠭ ᠤᠨ ᠨᠡᠶᠢᠲᠡ ᠶᠢᠨ ᠵᠣᠷᠯᠣᠩ ᠤᠨ ᠬᠠᠮᠢᠶᠠᠷᠤᠯᠲᠠ᠂ ᠬᠠᠮᠠᠭᠠᠯᠠᠯᠲᠠ ᠶᠢᠨ ᠠᠵᠢᠯ ᠢ ᠪᠠᠲᠤᠯᠠᠵᠤ᠂ ᠲᠦᠷ ᠴᠠᠭ ᠤᠨ ᠴᠢᠨᠠᠷᠲᠠᠶ ᠰᠢᠯᠵᠢᠭᠡ ᠨᠡᠶᠢᠲᠡ ᠶᠢᠨ ᠵᠣᠷᠯᠣᠩ ᠢ ᠲᠠᠯᠪᠢᠬᠤ ᠠᠵᠢᠯ ᠢ ᠰᠠᠶᠢᠲᠤᠷ ᠬᠢᠪᠡ᠃ ᠭᠤᠷᠪᠠ ᠳᠤ᠂ ᠵᠠᠮ ᠳᠠᠭᠠᠤ ᠶᠢᠨ ᠪᠠᠷᠢᠯᠭ᠎ᠠ ᠶᠢᠨ ᠭᠠᠵᠠᠷ ᠤᠨ ᠬᠦᠷᠢᠶᠡᠯᠡᠨ ᠬᠠᠰᠢᠬᠤ ᠬᠠᠮᠢᠶᠠᠷᠤᠯᠲᠠ ᠶᠢ    ᠴᠢᠩᠭᠠᠳᠬᠠᠪᠠ᠃ ᠡᠪᠳᠡᠷᠡᠵᠦ ᠴᠤᠴᠠᠷᠠᠭᠰᠠᠨ᠂ ᠥᠩᠭᠡ ᠨᠢ ᠪᠠᠭᠤᠷᠠᠭᠰᠠᠨ ᠵᠡᠷᠭᠡ ᠬᠤᠲᠠ ᠶᠢᠨ ᠳᠦᠷᠢ ᠲᠥᠷᠬᠦ ᠪᠣᠯᠤᠨ ᠬᠤᠲᠠ ᠶᠢᠨ ᠪᠦᠬᠦᠯᠢ ᠴᠣᠭᠴᠠ ᠶᠢᠨ ᠳᠦᠷᠢ ᠲᠥᠷᠬᠦ ᠶᠢ ᠨᠥᠯᠥᠭᠡᠯᠡᠬᠦ ᠪᠠᠷᠢᠯᠭ᠎ᠠ ᠶᠢᠨ ᠠᠵᠢᠯ ᠢ ᠬᠦᠷᠢᠶᠡᠯᠡᠨ ᠬᠠᠰᠢᠵᠤ᠂ ᠴᠠᠭ ᠲᠤᠬᠠᠶ ᠳᠤᠨᠢ ᠰᠡᠯᠪᠢᠨ ᠵᠠᠰᠠᠵᠤ ᠰᠣᠯᠢᠬᠤ ᠶᠢ ᠪᠡᠶᠡᠯᠡᠬᠦᠯᠪᠡ︔ ᠵᠠᠮ ᠳᠠᠭᠠᠤ ᠶᠢᠨ ᠬᠤᠳᠠᠯᠳᠤᠭᠠᠴᠢᠨ ᠡᠷᠦᠬᠡ ᠲᠠᠢ ᠶᠠᠷᠢᠯᠴᠠᠨ ᠵᠣᠬᠢᠴᠠᠭᠤᠯᠵᠤ LED ᠳᠡᠯᠭᠡᠴᠡ ᠶᠢ ᠠᠰᠢᠭᠯᠠᠨ ︽ᠪᠤᠭᠤᠳᠤ ᠶᠢᠨ ᠮᠠᠷᠠᠰᠤᠨ ᠤᠷᠤᠯᠳᠤᠭᠠᠨ︾ ᠤ ᠤᠷᠢᠶ᠎ᠠ ᠶᠢ ᠨᠡᠶᠢᠲᠡᠯᠡᠬᠦ ᠶᠢᠨ ᠬᠠᠮᠲᠤ ᠠᠵᠢᠯᠯᠠᠭᠠᠨ ᠤ ᠲᠤᠬᠠᠶ ᠶᠢᠨ ᠡᠳᠦᠷ ᠲᠤ ᠲᠣᠭᠲᠠᠮᠠᠯ ᠳᠡᠯᠭᠡᠴᠡ ᠪᠠᠷ ᠨᠡᠪᠲᠡᠷᠡᠭᠦᠯᠪᠡ᠃ ︵ᠬᠠᠤᠯᠢ ᠬᠡᠷᠡᠭᠵᠢᠭᠦᠯᠬᠦ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号