6 ᠰᠠᠷ᠎ᠠ ᠶᠢᠨ 12 ᠤᠨ ᠡᠳᠦᠷ᠂ ᠤᠳᠠᠨ ᠰᠡᠬᠦᠳᠡᠷᠲᠦ ᠵᠠᠮ ᠵᠡᠭᠡᠯᠢ ᠭᠤᠳᠤᠮᠵᠢ ︽ᠨᠠᠰᠤᠳᠠᠨ ᠢᠶᠠᠨ ᠬᠠᠮᠠᠭᠠᠯᠠᠵᠤ᠂ ᠨᠢᠯᠬᠠᠰ ᠢᠶᠠᠨ ᠬᠠᠶᠢᠷᠠᠯᠠᠬᠤ︾ ᠭᠤᠤᠯ ᠰᠡᠳᠦᠪᠲᠦ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/25
     ᠨᠢᠭᠡ ᠳᠤ᠂ ᠵᠡᠭᠡᠯᠢ ᠭᠤᠳᠤᠮᠵᠢ ᠶᠢᠨ ᠬᠢᠨ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠠᠷᠠᠳ ᠤᠨ ᠶᠠᠪᠤᠳᠠᠯ ᠤᠨ ᠲᠤᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ︽︿ᠤᠬᠢᠶᠠᠯᠭ᠎ᠠ﹀ ᠶᠢᠨ ᠲᠠᠭᠠᠯᠠᠮᠵᠢᠳᠠᠢ ᠤᠷᠴᠢᠨ ᠢ ᠡᠭᠦᠳᠴᠦ ᠨᠠᠰᠤᠳᠠᠶᠢᠴᠤᠳ ᠲᠤ ᠤᠬᠢᠶᠠᠯᠭ᠎ᠠ ᠶᠢᠨ ᠲᠤᠰᠠᠯᠠᠮᠵᠢ ᠦᠵᠡᠬᠦᠯᠬᠦ ᠦᠢᠯᠡᠴᠢᠯᠡᠭᠡᠨ ᠤ ᠲᠦᠷᠦᠯ ᠵᠦᠢᠯ︾ ᠤᠨ ᠫᠠᠶᠢᠰᠠ ᠣᠯᠭᠤᠬᠤ ᠶᠣᠰᠣᠯᠠᠯ ᠳᠡᠭᠡᠷ᠎ᠡ᠂ ︽1 ᠲᠥᠪ + N ᠬᠠᠪᠰᠤᠷᠤᠯᠭ᠎ᠠ 1︾ ᠶᠢᠨ ᠬᠡᠯᠪᠡᠷᠢ ᠶᠢᠨ ᠨᠠᠰᠤᠳᠠᠶᠢᠴᠤᠳ ᠲᠤ ᠲᠤᠰᠠᠯᠠᠬᠤ ᠦᠢᠯᠡᠴᠢᠯᠡᠭᠡᠨ ᠤ ᠵᠠᠭᠪᠤᠷ ᠢ    ᠨᠡᠶᠢᠳᠡᠯᠡᠵᠦ᠂ ᠬᠠᠷᠢᠶ᠎ᠠ ᠣᠷᠣᠨ ᠤ 65 ᠨᠠᠰᠤᠨ ᠠᠴᠠ ᠳᠡᠭᠡᠭᠰᠢᠬᠢ ᠨᠠᠰᠤᠳᠠᠶᠢᠴᠤᠳ ᠲᠤ ᠰᠦᠢᠳᠬᠡᠯ ᠬᠤᠷᠢᠶᠠᠬᠤ ᠦᠭᠡᠢ ᠪᠠᠷ ᠤᠬᠢᠶᠠᠯᠭ᠎ᠠ ᠶᠢᠨ ᠦᠢᠯᠡᠴᠢᠯᠡᠭᠡ ᠬᠠᠩᠭᠠᠪᠠ᠃ ᠬᠤᠶᠠᠷ ᠲᠤ᠂ ᠪᠤᠭᠤᠲᠤ ᠶᠢᠨ ᠪᠣᠯᠣᠳ ᠲᠡᠮᠦᠷ ᠤᠨ ᠭᠤᠷᠪᠠᠳᠤᠭᠠᠷ ᠡᠮᠨᠡᠯᠭᠡ ᠶᠢᠨ ᠬᠤᠷᠢᠶᠠᠨ ᠤ ᠤᠯᠠᠭᠠᠨ ᠠᠨᠠᠷ ᠡᠮᠴᠢᠯᠡᠭᠡᠨ ᠤ ᠦᠢᠯᠡᠴᠢᠯᠡᠭᠡᠨ ᠤ ᠪᠦᠯᠬᠦᠮ ᠲᠠᠢ ᠬᠠᠮᠲᠤᠷᠠᠨ᠂ ᠭᠡᠷ ᠤᠨ ᠡᠭᠦᠳᠡᠨ ᠳᠠᠬᠢ ︽ᠡᠮᠴᠢᠯᠡᠭᠡ ᠶᠢᠨ ᠪᠠᠲᠤᠯᠠᠭ᠎ᠠ︾ ᠡᠮᠴᠢᠯᠡᠭᠡ ᠪᠠᠷ ᠲᠤᠰᠠᠯᠠᠬᠤ ᠦᠢᠯᠡᠴᠢᠯᠡᠭᠡᠨ ᠤ ᠲᠥᠷᠥᠯ ᠵᠦᠢᠯ ᠢ ᠪᠠᠶᠢᠭᠤᠯᠵᠤ᠂ ︽ᠨᠡᠶᠢᠭᠡᠮ ᠲᠣᠭᠤᠷᠢᠭ ᠤᠨ ᠡᠮᠴᠢᠯᠡᠭᠡᠨ ᠤ ᠦᠢᠯᠡᠴᠢᠯᠡᠭᠡᠨ ᠤ ᠵᠠᠬ᠎ᠠ︾ ᠶᠢ ᠪᠦᠷᠢᠯᠳᠦᠭᠦᠯᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠦᠷᠬᠡᠨ ᠤᠯᠠᠨ ᠨᠠᠰᠤᠲᠠᠶᠢᠴᠤᠳ ᠲᠤ ᠨᠡᠶᠢᠲᠡ 300 ᠭᠠᠷᠤᠶ ᠤᠳᠠᠭ᠎ᠠ ᠡᠪᠡᠳᠴᠢᠨ ᠦᠵᠡᠭᠦᠯᠬᠦ ᠦᠶᠯᠡᠴᠢᠯᠡᠭᠡ ᠬᠠᠩᠭᠠᠵᠤ᠂ 600 ᠭᠠᠷᠤᠶ ᠣᠯᠠᠨ ᠲᠦᠮᠡᠨ ᠳᠤ ᠠᠰᠢᠭ ᠬᠦᠷᠲᠡᠭᠡᠪᠡ᠃ ᠭᠤᠷᠪᠠ ᠳᠤ᠂ ︽ᠬᠤᠷᠢᠶᠠᠯᠠᠯ ᠤᠨ ᠭᠤᠶᠣᠯᠠᠭᠴᠢ︾᠂ ︽ᠨᠢᠯᠬᠠᠰ ᠢᠶᠠᠨ ᠬᠠᠶᠢᠷᠠᠯᠠᠬᠤ︾ ᠵᠠᠰᠠᠯᠲᠠ ᠶᠢᠨ ᠵᠠᠭᠪᠤᠷ ᠢ ᠪᠦᠷᠢᠯᠳᠦᠬᠦᠯᠪᠡ᠃ ᠲᠣᠰ ᠤᠳᠠᠭᠠᠨ ᠤ ᠠᠵᠢᠯᠯᠠᠭ᠎ᠠ ᠳᠤ 50 ᠭᠠᠷᠤᠶ ᠪᠠᠭᠠᠴᠤᠳ ᠬᠡᠦᠬᠡᠳ ᠣᠷᠣᠯᠴᠠᠵᠤ᠂ ᠬᠤᠷᠢᠶᠠᠯᠠᠯ ᠤᠨ 50 ᠭᠠᠷᠤᠶ ᠵᠢᠵᠢᠭ ᠴᠢᠯᠠᠭᠤᠨ ᠪᠥᠮᠪᠦᠭᠡ ᠳᠤ ︽ᠥᠩᠭᠡᠲᠦ ᠬᠤᠪᠴᠠᠰᠤ︾ ᠡᠮᠦᠰᠬᠡᠵᠡᠶ᠃ ᠤᠳᠠᠨ ᠰᠡᠬᠦᠳᠡᠷᠲᠦ ᠵᠠᠮ ᠵᠡᠭᠡᠯᠢ ᠭᠤᠳᠤᠮᠵᠢ ︽ᠥᠲᠡᠯᠪᠡᠯ ᠬᠦᠷᠳᠡᠬᠦ ᠠᠰᠠᠷᠠᠮᠵᠢ ᠲᠠᠢ᠂ ᠨᠢᠯᠬᠠᠰ ᠢ ᠪᠤᠶᠢᠵᠢᠭᠤᠯᠬᠤ ᠭᠠᠵᠠᠷ ᠲᠠᠢ᠂ ᠨᠠᠰᠤᠳᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠵᠤ ᠰᠠᠶᠢᠨ ᠰᠠᠶᠢᠬᠠᠨ ᠵᠠᠩ ᠰᠤᠷᠳᠠᠯ ᠢ ᠤᠯᠠᠮᠵᠢᠯᠠᠬᠤ︾ ᠦᠢᠯᠡᠴᠢᠯᠡᠭᠡᠨ ᠤ ᠬᠠᠷᠠᠯᠲᠠ ᠶᠢ ᠦᠷᠭᠦᠯᠵᠢᠯᠡᠨ ᠪᠡᠶᠡᠯᠡᠭᠦᠯᠵᠦ᠂ ᠦᠳᠡᠬᠦᠰ ᠢ ᠨᠡᠩ ᠪᠤᠶᠠᠨ ᠵᠢᠷᠭᠠᠯ ᠲᠠᠢ᠂ ᠨᠢᠯᠬᠠᠰ ᠢ ᠨᠡᠩ ᠪᠠᠶᠠᠷ ᠵᠢᠷᠭᠠᠯ ᠲᠠᠢ ᠪᠣᠯᠭᠠᠨ᠎ᠠ᠃ ︵ᠤᠳᠠᠨ ᠰᠡᠬᠦᠳᠡᠷᠲᠦ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号