ᠪᠤᠭᠤᠲᠤ ᠬᠤᠲᠠ ᠶᠢᠨ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠤᠨ ᠬᠦᠨᠳᠡᠯᠡᠨ ᠦᠢᠯᠡᠳᠪᠦᠷᠢᠴᠢᠨ ᠤ ᠵᠠᠮ ᠵᠡᠭᠡᠯᠢ ᠭᠤᠳᠤᠮᠵᠢ ᠶᠢᠨ ᠵᠢᠭᠠᠨ ᠰᠤᠷᠭᠠᠯᠲᠠ ᠶᠢᠨ ᠴᠡᠭ ᠫᠠᠶᠢᠰᠠ ᠡᠯᠬᠦᠵᠦ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/6/25
     6 ᠰᠠᠷ᠎ᠠ ᠶᠢᠨ 16 ᠤ ᠡᠳᠦᠷ᠂ ᠬᠦᠨᠳᠡᠯᠡᠨ ᠦᠢᠯᠡᠳᠪᠦᠷᠢᠴᠢᠨ ᠤ ᠵᠠᠮ ᠵᠡᠭᠡᠯᠢ ᠭᠤᠳᠤᠮᠵᠢ᠂ ᠪᠤᠭᠤᠲᠤ ᠬᠤᠲᠠ ᠶᠢᠨ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠠᠴᠠ ᠬᠠᠮᠲᠤᠷᠠᠨ ᠡᠷᠭᠢᠯᠡᠭᠰᠡᠨ ︽ᠬᠡᠷ ᠤᠨ ᠡᠭᠦᠳᠡᠨ ᠳᠠᠬᠢ ᠪᠠᠭᠠᠴᠤᠳ ᠤᠨ ᠣᠷᠳᠣᠨ︾ ᠤ ᠫᠠᠶᠢᠰᠠ ᠡᠯᠬᠦᠬᠦ ᠶᠣᠰᠣᠯᠠᠯ ᠵᠢᠩᠬᠢᠨᠢ ᠪᠠᠷ ᠶᠠᠪᠤᠭᠳᠠᠪᠠ᠃ ᠬᠤᠶᠠᠷ ᠶᠡᠭᠡ ᠵᠢᠭᠠᠨ ᠰᠤᠷᠭᠠᠯᠲᠠ ᠶᠢᠨ ᠴᠡᠭ ᠢ ᠲᠤᠰ ᠲᠤᠰ ᠰᠢ ᠷᠦᠢ ᠳ᠋ᠦ᠋ ᠨᠡᠶᠢᠭᠡᠮ ᠲᠣᠭᠤᠷᠢᠭ ᠪᠠ ᠨᠥᠬᠦᠷᠯᠡᠯ 31 ᠳ᠋ᠤᠭᠡᠷ ᠨᠡᠶᠢᠭᠡᠮ ᠲᠣᠭᠤᠷᠢᠭ ᠲᠤ ᠪᠠᠶᠢᠭᠤᠯᠵᠤ᠂ ᠨᠡᠶᠢᠲᠡ 5 ᠶᠡᠭᠡ ᠲᠥᠷᠥᠯ᠂ 10 ᠲᠥᠷᠥᠯ ᠤᠨ ᠬᠢᠴᠢᠶᠡᠯ ᠢ ᠨᠡᠭᠡᠭᠡᠪᠡ᠃ ᠭᠠᠷᠠᠭ ᠪᠦᠷᠢ ᠶᠢᠨ ᠭᠠᠷᠠᠭ ᠤᠨ ᠵᠢᠷᠭᠤᠭᠠᠨ ᠳᠤ ᠬᠢᠴᠢᠶᠡᠯ ᠨᠡᠭᠡᠭᠡᠬᠦ ᠲᠥᠷᠥᠯ ᠵᠦᠢᠯ ᠪᠣᠯᠤᠨ ᠬᠢᠴᠢᠶᠡᠯ ᠤᠨ ᠲᠣᠬᠢᠷᠠᠭᠤᠯᠤᠯᠲᠠ ᠶᠣᠰᠣᠭᠠᠷ᠂ ᠬᠡᠦᠬᠡᠳ ᠤᠳ ᠲᠤ ᠬᠢᠴᠢᠶᠡᠯ ᠣᠷᠣᠵᠤ᠂ ᠬᠡᠦᠬᠡᠳ ᠤᠳ ᠨᠡᠶᠢᠭᠡᠮ ᠲᠣᠭᠤᠷᠢᠭ ᠠᠴᠠ ᠪᠠᠨ ᠭᠠᠷᠬᠤ ᠦᠭᠡᠶ ᠪᠠᠷ ᠰᠤᠷᠭᠠᠭᠤᠯᠢ ᠶᠢᠨ ᠭᠠᠳᠠᠨᠠᠬᠢ ᠰᠢᠯᠢᠳᠡᠭ ᠰᠤᠷᠭᠠᠨ ᠬᠥᠮᠦᠵᠢᠯ ᠢ ᠬᠦᠷᠲᠡᠵᠦ ᠳᠡᠶᠢᠯᠬᠦ ᠶᠢ ᠪᠡᠶᠡᠯᠡᠬᠦᠯᠪᠡ᠃ ︵ᠬᠦᠨᠳᠡᠯᠡᠨ ᠦᠢᠯᠡᠳᠪᠦᠷᠢᠴᠢᠨ ᠤ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号