ᠡᠨᠡ ᠬᠦ ᠣᠬᠤᠷ ᠮᠡᠳᠡᠭᠡ ᠶᠢ ᠣᠯᠣᠭᠰᠠᠨ ᠤ ᠳᠠᠷᠠᠭ᠎ᠠ ᠳᠠᠷᠤᠢ ᠳᠤᠨᠢ ᠬᠠᠰᠤᠵᠤ ᠬᠠᠶᠠ
ᠨᠡᠶᠢᠲᠡᠯᠡᠭᠰᠡᠨ ᠴᠠᠭ᠄
2024/6/25
     ᠠᠷᠠᠳ ᠤᠨ ᠰᠦᠯᠵᠢᠶ᠎ᠡ ᠶᠢᠨ 16 ᠤ ᠡᠳᠦᠷ ᠤᠨ ᠮᠡᠳᠡᠭᠡ᠄ ᠵᠠᠷᠢᠮ ᠰᠦᠯᠵᠢᠶᠡᠨ ᠨᠠᠶᠢᠵᠠ ᠨᠠᠷ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠳᠠᠷᠠᠭ᠎ᠠ᠂ ᠲᠡᠳᠡ ᠤ ᠰᠢᠯᠭᠠᠯᠲᠠ ᠶᠢᠨ ᠳᠤᠮᠳᠠ ᠬᠡᠮ ᠬᠢᠭᠰᠡᠨ ᠦᠢᠯᠡ ᠠᠵᠢᠯᠯᠠᠭ᠎ᠠ ᠶᠢ ᠢᠯᠡᠷᠡᠬᠦᠯᠵᠤ᠂ ᠲᠤᠰ ᠬᠢᠴᠢᠶᠡᠯ ᠤᠨ ᠬᠢᠷᠢ ᠪᠦᠲᠦᠮᠵᠢ ᠨᠢ 0 ᠬᠤᠪᠢ ᠪᠣᠯᠣᠨ᠎ᠠ ᠭᠡᠰᠡᠨ ᠣᠬᠤᠷ ᠮᠡᠳᠡᠭᠡ ᠣᠯᠣᠭᠰᠠᠨ ᠪᠥᠭᠡᠳ ︽ᠰᠤᠷᠭᠠᠨ ᠬᠥᠮᠦᠵᠢᠯ ᠤᠨ ᠰᠠᠯᠠᠭ᠎ᠠ ᠮᠥᠴᠢᠷ︾ ᠤᠨ ᠤᠲᠠᠰᠤ ᠪᠠᠷ ᠲᠡᠭᠦᠨ ᠢ ᠣᠳᠠᠰᠤ ᠶᠠᠪᠤᠭᠤᠯᠵᠤ ᠯᠠᠪᠯᠠᠭᠤᠯᠬᠤ ᠶᠢ ᠵᠠᠬᠢᠭᠰᠠᠨ ᠪᠠᠶᠢᠨ᠎ᠠ ᠭᠡᠵᠦ ᠲᠤᠰᠬᠠᠪᠠ᠃ ᠡᠭᠦᠨ ᠤ ᠲᠤᠬᠠᠢ ᠴᠠᠭᠳᠠᠭᠠᠨ ᠤ ᠲᠠᠯ᠎ᠠ ᠶᠢᠨ ᠬᠢᠨ ᠰᠠᠨᠠᠭᠤᠯᠤᠭᠰᠠᠨ ᠨᠢ᠄ ᠡᠨᠡ ᠪᠣᠯ ᠨᠡᠶᠢᠲᠡᠯᠢᠭ ᠴᠢᠨᠠᠷᠲᠠᠢ ᠣᠬᠤᠷ ᠮᠡᠳᠡᠭᠡ ᠶᠢᠨ ᠮᠡᠬᠡᠯᠡᠯ ᠮᠥᠨ᠂ ᠨᠥᠭᠦᠭᠡ ᠡᠲᠡᠭᠡᠳ ᠨᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠤᠶᠤ ᠪᠤᠰᠤᠳ ᠰᠠᠯᠠᠭ᠎ᠠ ᠮᠥᠴᠢᠷ ᠢᠶᠠᠷ ᠣᠪᠯᠠᠨ ᠴᠢᠮ᠎ᠠ ᠪᠠᠷ ᠤᠲᠠᠰᠤ ᠲᠣᠰᠣᠭᠤᠯᠵᠤ᠂ ᠣᠬᠤᠷ ᠮᠡᠳᠡᠭᠡ ᠶᠢᠨ ᠴᠥᠷᠬᠡᠯᠡᠭᠡ ᠶᠢ ᠲᠣᠪᠴᠢᠳᠠᠬᠤ ᠪᠤᠶᠤ App ᠶᠢ ᠪᠠᠭᠤᠯᠭᠠᠨ ᠠᠪᠴᠤ᠂ ᠮᠡᠳᠡᠭᠡ ᠵᠠᠩᠭᠢ ᠶᠢ ᠴᠢᠨᠢ ᠠᠯᠬᠤᠮ ᠠᠯᠬᠤᠮ ᠢᠶᠠᠷ ᠤᠬᠠᠭᠠᠯᠠᠨ ᠠᠪᠴᠤ᠂ ᠡᠴᠦᠰ ᠲᠡᠭᠡᠨ ᠲᠠᠨ ᠢ ᠳᠠᠩᠰᠠ ᠰᠢᠯᠵᠢᠭᠦᠯᠵᠦ ᠵᠣᠭᠤᠰ ᠭᠤᠪᠢᠭᠤᠯᠬᠤ ᠮᠡᠬᠡᠨ ᠳᠤ ᠣᠷᠣᠭᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号