ᠬᠦᠨᠳᠡᠯᠡᠨ ᠭᠤᠤᠯ ᠪᠠᠯᠭᠠᠰᠤ ᠨᠠᠮ ᠤᠨ ᠪᠠᠶᠢᠭᠤᠯᠤᠯᠲᠠ ᠪᠠᠷ ᠨᠠᠰᠤᠲᠠᠨ ᠢ ᠬᠠᠪᠰᠤᠷᠬᠤ ᠦᠶᠯᠡᠴᠢᠯᠡᠭᠡ ᠶᠢ ᠬᠥᠲᠥᠯᠥᠨ ᠳᠠᠭᠠᠭᠤᠯᠵᠤ᠂ ︽ᠵᠣᠯ ᠵᠢᠷᠭᠠᠯᠲᠤ ᠨᠠᠰᠤᠳᠠᠶᠢᠴᠤᠳ︾ ᠶᠢᠨ ᠲᠡᠪᠢᠰᠭᠡᠷ ᠦᠩᠭᠡ ᠶᠢ ᠨᠡᠩ ᠬᠦᠨ ᠪᠤᠯᠭᠠᠪᠠ
ᠨᠡᠶᠢᠲᠡᠯᠡᠭᠰᠡᠨ ᠴᠠᠭ᠄
2024/6/29
     ᠨᠢᠭᠡ ᠳᠤ᠂ ᠵᠢᠭᠰᠠᠭᠠᠯ ᠤᠨ ᠭᠠᠵᠠᠷ ᠢ ᠰᠢᠯᠢᠳᠡᠭᠵᠢᠭᠦᠯᠵᠦ᠂ ᠰᠡᠳᠬᠢᠯ ᠢ ᠳᠤᠯᠠᠭᠠᠴᠠᠭᠤᠯᠬᠤ ᠦᠶᠯᠡᠴᠢᠯᠡᠭᠡᠨ ᠤ ᠥᠷᠲᠡᠭᠡ ᠶᠢ ᠪᠠᠶᠢᠭᠤᠯᠪᠠ᠃ ᠨᠡᠶᠢᠭᠡᠮ ᠲᠣᠭᠤᠷᠢᠭ ᠤᠨ ᠨᠠᠮ ᠤᠨ ᠬᠡᠰᠢᠬᠦᠨ ᠪᠠ ᠣᠯᠠᠨ ᠲᠦᠮᠡᠨ ᠤ ᠦᠶᠯᠡᠴᠢᠯᠡᠭᠡᠨ ᠤ ᠲᠥᠪ᠂ ᠬᠡᠷ ᠲᠡᠭᠡᠨ ᠰᠠᠭᠤᠵᠤ ᠠᠰᠠᠷᠠᠮᠵᠢ ᠬᠦᠷᠳᠡᠬᠦ ᠦᠶᠯᠡᠴᠢᠯᠡᠭᠡᠨ ᠤ ᠥᠷᠲᠡᠭᠡ ᠵᠡᠷᠭᠡ ᠵᠢᠭᠰᠠᠭᠠᠯ ᠤᠨ ᠭᠠᠵᠠᠷ ᠢ ᠭᠦᠶᠴᠡᠳ ᠠᠰᠢᠭᠯᠠᠨ᠂  ᠬᠠᠷᠢᠶ᠎ᠠ ᠣᠷᠣᠨ ᠤ ᠨᠠᠰᠤᠲᠠᠶᠢᠴᠤᠳ ᠲᠤ ᠤᠷᠠᠨ ᠪᠢᠴᠢᠯᠭᠡ ᠤᠷᠠᠨ ᠵᠢᠷᠤᠭ ᠤᠨ ᠥᠷᠥᠭᠡ᠂ ᠨᠣᠮ ᠤᠩᠰᠢᠬᠤ ᠥᠷᠥᠭᠡ ᠵᠡᠷᠭᠡ ᠴᠢᠳᠠᠮᠵᠢ ᠶᠢᠨ ᠴᠢᠨᠠᠷᠲᠠᠶ ᠲᠠᠯᠠᠪᠤᠷ ᠬᠠᠩᠭᠠᠵᠤ᠂ ᠡᠨᠡ ᠵᠢᠯ ᠠᠴᠠ ᠨᠠᠭᠠᠰᠢ᠂    ᠣᠨᠣᠯ ᠤᠨ ᠤᠬᠠᠭᠤᠯᠤᠨ ᠲᠠᠶᠢᠯᠪᠤᠷᠢᠯᠠᠯᠲᠠ᠂ ᠵᠤᠭ᠎ᠠ ᠴᠡᠩᠭᠡᠯ ᠪᠡᠶ᠎ᠡ ᠴᠢᠭᠢᠷᠠᠭᠵᠢᠭᠤᠯᠬᠤ ᠵᠡᠷᠭᠡ ᠡᠯ᠎ᠡ ᠲᠥᠷᠥᠯ ᠤᠨ ᠠᠵᠢᠯᠯᠠᠭ᠎ᠠ ᠶᠢ ᠨᠡᠶᠢᠲᠡ 36 ᠲᠠᠯᠠᠪᠠᠶ ᠥᠷᠨᠢᠭᠦᠯᠪᠡ᠃ ᠬᠤᠶᠠᠷ ᠲᠤ᠂ ᠡᠬᠢ ᠪᠠᠶᠠᠯᠢᠭ ᠢ ᠨᠡᠶᠢᠳᠭᠡᠵᠦ᠂ ᠠᠷᠠᠳ ᠤᠨ ᠲᠥᠯᠥᠭᠡ ᠦᠨᠡᠨ ᠰᠡᠳᠬᠢᠯ ᠠᠴᠠ ᠪᠠᠨ ᠪᠣᠳᠠᠲᠤ ᠶᠠᠪᠤᠳᠠᠯ ᠬᠢᠪᠡ᠃ ᠬᠠᠷᠢᠶ᠎ᠠ ᠣᠷᠣᠨ ᠤ ᠪᠠᠨ ᠠᠵᠢᠯ ᠳᠤ ᠪᠠᠶᠢᠭ᠎ᠠ ᠨᠠᠮ ᠤᠨ ᠭᠡᠰᠢᠭᠦᠨ᠂ ᠰᠠᠶᠢᠨ ᠳᠤᠷᠠᠴᠤᠳ 40 ᠭᠠᠷᠤᠶ ᠬᠥᠮᠦᠨ ᠢ ᠵᠣᠬᠢᠶᠠᠨ ᠪᠠᠶᠢᠭᠤᠯᠵᠤ ᠨᠠᠰᠤᠳᠠᠶᠢᠴᠤᠳ ᠢ ᠲᠤᠰᠠᠯᠠᠬᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠶᠢ ᠪᠠᠶᠢᠭᠤᠯᠵᠤ᠂ ᠥᠨᠳᠥᠷ ᠨᠠᠰᠤᠲᠠᠶ᠂ ᠭᠠᠭᠴᠠ ᠬᠡᠦᠬᠡᠳ ᠢᠶᠠᠨ ᠠᠯᠳᠠᠭᠰᠠᠨ ᠵᠡᠷᠭᠡ ᠨᠠᠰᠤᠲᠠᠶᠢᠴᠤᠳ ᠲᠤ ᠡᠮ ᠬᠤᠳᠠᠯᠳᠤᠨ ᠠᠪᠴᠤ ᠦᠭᠬᠦ᠂ ᠬᠡᠷ ᠲᠤᠨᠢ ᠬᠦᠷᠴᠦ ᠭᠡᠷᠡᠴᠢᠯᠡᠭᠡ ᠬᠢᠵᠦ ᠦᠭᠬᠦ ᠵᠡᠷᠭᠡ ᠰᠠᠶᠢᠨ ᠳᠤᠷ᠎ᠠ ᠶᠢᠨ ᠦᠶᠯᠡᠴᠢᠯᠡᠭᠡ ᠬᠠᠩᠭᠠᠪᠠ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠥᠷᠲᠡᠭᠡ᠂ ᠬᠦᠨᠳᠡᠯᠡᠨ ᠭᠤᠤᠯ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠵᠡᠷᠭᠡ ᠡᠮᠴᠢᠯᠡᠭᠡᠨ ᠤ ᠡᠬᠢ ᠪᠠᠶᠠᠯᠢᠭ ᠢ ᠬᠤᠯᠪᠣᠵᠤ᠂ ᠠᠯᠪᠠᠨ ᠵᠢᠷᠤᠮ ᠤᠨ ᠡᠮᠴᠢᠯᠡᠭᠡ᠂ ᠰᠡᠳᠬᠢᠴᠡ ᠶᠢᠨ ᠡᠷᠡᠭᠦᠯ ᠮᠡᠨᠳᠦ ᠶᠢᠨ ᠲᠠᠶᠢᠯᠤᠮᠵᠢ ᠵᠡᠷᠭᠡ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠪᠡ᠃ ᠭᠤᠷᠪᠠ ᠳᠤ᠂ ᠠᠮᠢᠵᠢᠷᠠᠯ ᠤᠨ ᠬᠦᠴᠦᠨ ᠢ ᠬᠥᠭᠵᠢᠭᠡᠵᠦ᠂  ︽ᠵᠢᠷᠭᠠᠬᠤ ᠨᠡᠷᠡᠨ ᠤ ᠲᠤᠶᠠᠭ᠎ᠠ︾ ᠶᠢᠨ ᠬᠤᠰᠢᠭᠤᠴᠢ ᠶᠢᠨ ᠡᠭᠦᠷᠭᠡᠯᠡᠯ ᠢᠶᠠᠨ ᠢᠯᠡᠷᠡᠭᠦᠯᠪᠡ᠃ ᠬᠠᠷᠢᠶ᠎ᠠ ᠣᠷᠣᠨ ᠤ ᠪᠠᠨ ᠨᠠᠰᠤᠲᠠᠶᠢᠴᠤᠳ ᠢ ᠤᠷᠢᠶᠠᠯᠠᠵᠤ᠂ ︽ᠵᠢᠷᠭᠠᠬᠤ ᠨᠡᠷᠡᠨ ᠤ ᠲᠤᠶᠠᠭ᠎ᠠ ᠡᠶᠡᠳᠡᠬᠦᠯᠬᠡ ᠶᠢᠨ ᠦᠷᠦᠬᠡ︾ ᠶᠢ ᠪᠠᠶᠢᠭᠤᠯᠵᠤ᠂ ᠨᠠᠰᠤᠳᠠᠶᠢᠴᠤᠳ ᠥᠪᠡᠷ ᠤᠨ ᠥᠩᠭᠡᠷᠡᠯᠲᠡ ᠪᠠᠨ ᠠᠰᠢᠭᠯᠠᠨ ᠰᠠᠭᠤᠭᠠᠯᠢ ᠠᠷᠠᠳ ᠲᠤ ᠡᠳᠦᠷ ᠲᠤᠲᠤᠮ ᠤᠨ ᠬᠥᠷᠰᠢ ᠵᠡᠷᠭᠡᠯᠡᠳᠡᠭᠡ ᠶᠢᠨ ᠬᠤᠭᠤᠷᠤᠨᠳᠤᠬᠢ ᠵᠥᠷᠢᠴᠡᠯ ᠵᠢᠭᠤᠷᠠᠯᠳᠤᠭᠠᠨ ᠢ ᠨᠢ ᠵᠣᠬᠢᠴᠠᠭᠤᠯᠤᠨ ᠡᠶᠡᠳᠡᠬᠦᠯᠵᠦ ᠰᠢᠢᠳᠪᠦᠷᠢᠯᠡᠵᠦ ᠦᠭᠪᠡ᠃ ᠣᠳᠣᠬᠠᠨ ᠪᠣᠯᠲᠠᠯ᠎ᠠ᠂ ᠬᠥᠷᠰᠢ ᠵᠡᠷᠭᠡᠯᠡᠳᠡᠭᠡ ᠶᠢᠨ ᠬᠤᠭᠤᠷᠤᠨᠳᠤᠬᠢ 13 ᠵᠢᠭᠤᠷᠠᠯᠳᠤᠭᠠᠨ ᠢ ᠬᠠᠪᠰᠤᠷᠤᠨ ᠰᠢᠶᠳᠪᠦᠷᠢᠯᠡᠵᠦ ᠦᠭᠬᠦᠨ᠂ ᠰᠢᠶᠳᠪᠦᠷᠢᠯᠡᠭᠰᠡᠨ ᠬᠠᠨᠤᠮᠵᠢ ᠲᠠᠢ ᠪᠠᠶᠢᠬᠤ ᠨᠣᠷᠮ᠎ᠠ 100 % ᠳᠤ ᠬᠦᠷᠴᠡᠶ᠃ ︵ᠲᠤᠰ ᠰᠡᠳᠬᠦᠯ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号