ᠨᠢᠭᠡ ᠳᠤ᠂ ᠪᠠᠶᠢᠴᠠᠭᠠᠬᠤ ᠬᠠᠷᠠᠯᠲᠠ ᠪᠠᠨ ᠲᠣᠳᠣᠷᠬᠠᠶᠢᠯᠠᠪᠠ᠃ ᠨᠢᠳᠦᠨ ᠬᠠᠷᠠᠭ᠎ᠠ ᠶᠢᠨ ᠡᠮᠴᠢᠯᠡᠭᠡᠨ ᠤ ᠪᠠᠭᠠᠵᠢ | ᠬᠡᠷᠡᠭᠰᠡᠯ᠂ ᠨᠢᠳᠦᠨ ᠳᠤ ᠬᠡᠷᠡᠭᠯᠡᠬᠦ ᠨᠠᠩᠭᠢ ᠡᠳ᠋ ᠵᠡᠷᠭᠡ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ | ᠰᠡᠷᠭᠡᠶᠢᠯᠡᠨ ᠵᠠᠰᠠᠬᠤ ᠬᠠᠮᠢᠶ᠎ᠠ ᠪᠥᠬᠦᠶ ᠡᠮᠴᠢᠯᠡᠭᠡᠨ ᠤ ᠪᠠᠭᠠᠵᠢ ᠬᠡᠷᠡᠭᠰᠡᠯ ᠢᠶᠠᠷ ᠭᠤᠤᠯᠳᠠᠯᠭ᠎ᠠ ᠲᠠᠢ ᠦᠶᠯᠡᠳᠬᠦᠨ | ᠪᠣᠯᠭᠠᠵᠤ᠂ ᠨᠢᠳᠦᠨ ᠰᠢᠯ ᠤᠨ ᠬᠤᠳᠠᠯᠳᠤᠭᠠᠨ ᠤ ᠬᠤᠲᠠ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ | ᠵᠡᠷᠭᠡ ᠣᠷᠣᠨ ᠪᠦᠰᠡ ᠳᠤ ᠲᠤᠶᠢᠯᠪᠤᠷᠢᠳᠠᠢ ᠵᠢᠭᠰᠠᠭᠠᠨ ᠪᠠᠶᠢᠴᠠᠭᠠᠯᠲᠠ ᠶᠢ ᠥᠷᠨᠢᠭᠦᠯᠪᠠ᠃ ᠬᠤᠶᠠᠷ ᠲᠤ᠂ | ᠪᠠᠶᠢᠴᠠᠭᠠᠬᠤ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠪᠡ᠃ ᠦᠨᠡᠮᠯᠡᠯ ᠦᠭᠡᠢ ᠪᠠᠷ ᠡᠵᠡᠩᠨᠡᠭᠰᠡᠨ ᠪᠠ | ᠳᠠᠩᠰᠠᠯᠠᠭᠤᠯᠤᠭᠰᠠᠨ ᠦᠭᠡᠢ ᠡᠮᠴᠢᠯᠡᠭᠡᠨ ᠤ ᠪᠠᠭᠠᠵᠢ ᠬᠡᠷᠡᠭᠰᠡᠯ᠂ ᠬᠢᠷᠢ ᠲᠡᠩᠴᠡᠭᠰᠡᠨ ᠦᠭᠡᠢ ᠡᠮᠴᠢᠯᠡᠭᠡᠨ ᠤ ᠪᠠᠭᠠᠵᠢ | ᠬᠡᠷᠡᠭᠰᠡᠯ ᠢ ᠡᠵᠡᠩᠨᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠪᠠ︔ ᠡᠮᠴᠢᠯᠡᠭᠡᠨ ᠤ ᠪᠠᠭᠠᠵᠢ ᠬᠡᠷᠡᠭᠰᠡᠯ ᠢ | ᠰᠦᠯᠵᠢᠶ᠎ᠡ ᠪᠠᠷ ᠪᠣᠷᠣᠯᠠᠭᠤᠯᠬᠤ ᠶᠢ ᠬᠢᠨᠠᠨ ᠰᠢᠨᠵᠢᠵᠦ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ︽ | ᠰᠦᠯᠵᠢᠶᠡᠨ ᠳᠡᠭᠡᠷ᠎ᠡ︾ ᠳᠡᠯᠭᠡᠨ ᠦᠵᠡᠭᠦᠯᠬᠦ ᠠᠵᠤ ᠠᠬᠤᠶᠢᠯᠠᠯ ᠵᠢᠴᠢ ᠦᠶᠯᠡᠳᠬᠦᠨ ᠤ ᠮᠡᠳᠡᠭᠡ ᠵᠠᠩᠭᠢ ᠬᠢᠭᠡᠳ ︽ | ᠪᠤᠳᠠᠳᠤ ᠴᠤᠬᠴᠠ︾ ᠶᠢᠨ ᠤᠯᠤᠬᠰᠠᠨ ᠵᠥᠪᠰᠢᠶᠡᠷᠡᠯ ︵ᠪᠦᠷᠢᠳᠬᠡᠨ ᠳᠠᠩᠰᠠᠯᠠᠭᠤᠯᠬᠤ︶ ᠵᠢᠴᠢ ᠳᠠᠩᠰᠠᠯᠠᠭᠤᠯᠤᠭᠰᠠᠨ | ︵ᠪᠦᠷᠢᠳᠬᠡᠨ ᠳᠠᠩᠰᠠᠯᠠᠭᠤᠯᠤᠭᠰᠠᠨ︶ ᠮᠡᠳᠡᠭᠡ ᠵᠠᠩᠭᠢ ᠶᠢᠨ ᠨᠢᠭᠡᠳᠦᠯᠲᠡᠶ ᠪᠠᠶᠢᠬᠤ ᠡᠰᠡᠬᠦ ᠶᠢ ᠴᠢᠩᠭ᠎ᠠ ᠪᠠᠶᠢᠴᠠᠭᠠᠪᠠ᠃ | ᠭᠤᠷᠪᠠ ᠳᠤ᠂ ᠲᠤᠰᠬᠠᠶ ᠠᠵᠢᠯᠯᠠᠭ᠎ᠠ ᠨᠢ ᠬᠤᠯᠪᠣᠭᠳᠠᠯ ᠪᠥᠬᠦᠶ ᠠᠵᠤ ᠠᠬᠤᠶᠢᠯᠠᠯ ᠪᠠ ᠨᠢᠭᠡᠴᠢ ᠶᠢ ᠨᠡᠶᠢᠲᠡ 38 | ᠤᠳᠠᠭ᠎ᠠ ᠪᠠᠶᠢᠴᠠᠭᠠᠵᠤ᠂ 5 ᠬᠡᠷᠡᠭ ᠢ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠵᠤ᠂ ᠣᠲᠣ ᠨᠢᠭᠡᠨᠲᠡ ᠪᠦᠬᠦᠨ ᠢ | ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ | ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ ᠶᠢᠨ ᠲᠣᠪᠴᠢᠶ᠎ᠠ︶ |