ᠬᠦᠨᠳᠡᠯᠡᠨ ᠲᠤᠭᠤᠷᠢᠭ ᠤᠨ ᠤᠶᠤᠨᠴᠢ ᠨᠡᠶᠢᠭᠡᠮ ᠲᠣᠭᠤᠷᠢᠭ ᠤᠨ ᠬᠦᠮᠦᠵᠢᠬᠦᠯᠦᠨ ᠵᠠᠯᠠᠷᠠᠭᠤᠯᠬᠤ ᠲᠥᠪ ᠵᠢᠩᠬᠢᠨᠢ ᠪᠠᠷ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2024/6/29
      ᠲᠣᠰ ᠲᠥᠪ ᠤᠨ ᠡᠵᠡᠯᠡᠵᠦ ᠪᠠᠶᠢᠭ᠎ᠠ ᠲᠠᠯᠠᠪᠠᠶ ᠨᠢ 600 ᠲᠡᠭᠰᠢ ᠳᠥᠷᠪᠡᠯᠵᠢᠨ ᠮᠧᠲᠷ ᠪᠠᠶᠢᠵᠤ᠂ ᠬᠡᠷ ᠤᠨ ᠳᠣᠲᠣᠷᠠᠬᠢ 400 ᠲᠡᠭᠰᠢ ᠳᠥᠷᠪᠡᠯᠵᠢᠨ ᠮᠧᠲᠷ ᠪᠠ ᠬᠡᠷ ᠤᠨ ᠭᠠᠳᠠᠨᠠᠬᠢ 200 ᠲᠡᠭᠰᠢ ᠳᠥᠷᠪᠡᠯᠵᠢᠨ ᠮᠧᠲᠷ ᠭᠡᠵᠦ ᠬᠤᠶᠠᠷ ᠬᠡᠰᠡᠭ ᠬᠤᠪᠢᠶᠠᠵᠤ᠂ ᠬᠡᠷ ᠤᠨ ᠳᠣᠲᠣᠷᠠᠬᠢ ᠣᠷᠣᠨ ᠪᠦᠰᠡ ᠶᠢ ᠶᠡᠷᠦᠩᠬᠡᠶᠢᠯᠡᠭᠰᠡᠨ ᠠᠯᠪᠠᠯᠠᠬᠤ ᠲᠣᠭᠤᠷᠢᠭ᠂ ᠬᠢᠨᠠᠯᠲᠠ ᠬᠠᠮᠢᠶᠠᠷᠤᠯᠲᠠ ᠶᠢᠨ ᠲᠣᠭᠤᠷᠢᠭ᠂ ᠰᠤᠷᠭᠠᠨ ᠬᠦᠮᠦᠵᠢᠬᠦᠯᠵᠦ ᠬᠠᠪᠰᠤᠷᠤᠨ ᠲᠡᠳᠬᠦᠬᠦ ᠲᠣᠭᠤᠷᠢᠭ ᠭᠡᠵᠦ ᠭᠤᠷᠪᠠᠨ ᠶᠡᠭᠡ ᠴᠢᠳᠠᠮᠵᠢᠳᠤ ᠲᠣᠭᠤᠷᠢᠭ ᠪᠣᠯᠭᠠᠨ ᠬᠤᠪᠢᠶᠠᠵᠤ᠂ 18 ᠴᠢᠳᠠᠮᠵᠢᠳᠤ ᠲᠠᠰᠤᠭ ᠭᠠᠷᠭᠠᠵᠤ᠂ ᠸᠢᠳᠢᠤ᠋ ᠬᠤᠷᠠᠯ ᠤᠨ ᠰᠢᠰᠲ᠋ᠧᠮ᠂ ᠬᠠᠤᠯᠢ ᠬᠡᠷᠡᠭᠵᠢᠭᠦᠯᠦᠯᠲᠡ ᠶᠢᠨ ᠲᠡᠮᠳᠡᠭᠯᠡᠬᠦ ᠬᠡᠮᠵᠢᠭᠦᠷᠯᠢᠭ ᠵᠡᠷᠭᠡ ᠲᠥᠬᠦᠭᠡᠷᠦᠮᠵᠢ ᠶᠢ ᠳᠣᠭᠢᠷᠠᠭᠤᠯᠵᠤ᠂ ᠨᠡᠶᠢᠭᠡᠮ ᠲᠣᠭᠤᠷᠢᠭ ᠤᠨ ᠬᠦᠮᠦᠵᠢᠬᠦᠯᠦᠨ ᠵᠠᠯᠠᠷᠠᠭᠤᠯᠬᠤ ᠠᠵᠢᠯ ᠤᠨ ᠣᠯᠠᠨ ᠶᠠᠩᠵᠤ ᠶᠢᠨ ᠬᠡᠷᠡᠭᠴᠡᠭᠡ ᠶᠢ ᠬᠠᠩᠭᠠᠪᠠ᠃ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠣᠶᠤᠨᠴᠢ ᠨᠢᠭᠡ ᠴᠣᠭᠴᠠᠵᠢᠭᠰᠠᠨ ᠲᠠᠪᠴᠠᠩ ᠢ ᠭᠦᠶᠴᠡᠳ ᠬᠡᠷᠡᠭᠯᠡᠬᠦ ᠪᠠᠷ ᠳᠠᠮᠵᠢᠭᠤᠯᠤᠨ᠂ ᠠᠵᠢᠯ ᠤᠨ ᠶᠠᠪᠤᠴᠠ ᠶᠢᠨ ᠮᠡᠳᠡᠭᠡ ᠵᠠᠩᠭᠢᠵᠢᠯᠲᠠ᠂ ᠲᠤᠤᠷᠵᠢᠭᠤᠯᠤᠯᠲᠠ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠬᠦᠮᠦᠵᠢᠬᠦᠯᠦᠨ ᠵᠠᠯᠠᠷᠠᠭᠤᠯᠬᠤ ᠠᠵᠢᠯ ᠤᠨ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠪᠡ᠃ ︵ᠬᠠᠤᠯᠢ ᠴᠠᠭᠠᠵᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号