ᠲᠤᠭᠤᠷᠢᠭ ᠤᠨ ᠱᠠᠳᠤᠨ ᠤ ᠤᠳᠤᠷᠢᠳᠬᠤ ᠨᠥᠬᠦᠳ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠦᠵᠢᠯ ᠤᠨ ᠦᠵᠡᠭᠦᠯᠭᠡ ᠶᠢ ᠬᠠᠮᠲᠤ ᠪᠠᠷ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/6/29
    6 ᠰᠠᠷ᠎ᠠ ᠶᠢᠨ 27 ᠤ ᠡᠳᠦᠷ᠂ ᠲᠤᠭᠤᠷᠢᠭ ᠤᠨ ᠱᠠᠳᠤᠨ ᠤ ᠤᠳᠤᠷᠢᠳᠬᠤ ᠨᠥᠬᠦᠳ ᠲᠦᠮᠡᠳ ᠪᠠᠷᠠᠭᠤᠨ ᠬᠤᠰᠢᠭᠤᠨ ᠤ ᠠᠷᠢᠭᠤᠨ ᠴᠢᠬᠡᠴᠢ ᠰᠣᠶᠣᠯ ᠤᠨ ᠣᠷᠳᠣᠨ ᠳᠤ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠵᠡᠭᠦᠯᠭᠡ ᠶᠢ ᠬᠠᠮᠲᠤ ᠪᠠᠷ ᠲᠣᠭᠤᠷᠢᠨ ᠦᠵᠡᠭᠰᠡᠨ ᠪᠥᠭᠡᠳ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠤᠩᠰᠢᠪᠠ᠃
    ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠢᠦᠶ ᠵᠠᠨ ᠵᠢᠶᠠᠩ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠴᠢᠬᠡᠴᠢ ᠵᠠᠰᠠᠭ ᠤᠨ ᠬᠥᠮᠦᠵᠢᠯ ᠤᠨ ᠰᠠᠭᠤᠷᠢᠨ ᠭᠠᠵᠠᠷ᠂ ᠪᠤᠭᠤᠲᠤ ᠬᠤᠲᠠ ᠶᠢᠨ ᠰᠡᠷᠡᠮᠵᠢᠯᠡᠭᠦᠯᠬᠦ ᠬᠥᠮᠦᠵᠢᠯ ᠤᠨ ᠰᠠᠭᠤᠷᠢᠨ ᠭᠠᠵᠠᠷ — ᠲᠦᠮᠡᠳ ᠪᠠᠷᠠᠭᠤᠨ ᠬᠤᠰᠢᠭᠤᠨ ᠤ ᠠᠷᠢᠭᠤᠨ ᠴᠢᠬᠡᠴᠢ ᠰᠣᠶᠣᠯ ᠤᠨ ᠣᠷᠳᠣᠨ ᠳᠤ᠂ ᠶᠢᠨ ᠶᠦᠩ ᠯᠢ ᠵᠡᠷᠭᠡ ᠲᠤᠭᠤᠷᠢᠭ ᠤᠨ ᠱᠠᠳᠤᠨ ᠤ ᠤᠳᠤᠷᠢᠳᠬᠤ ᠨᠥᠬᠦᠳ ᠲᠠᠶᠢᠯᠪᠤᠷᠢᠯᠠᠭᠴᠢ ᠶᠢᠨ ᠳᠠᠭᠠᠭᠤᠯᠭ᠎ᠠ ᠳᠤᠤᠷ᠎ᠠ ᠠᠷᠢᠭᠤᠨ ᠴᠢᠭᠡᠴᠢ ᠶᠢ ᠢᠯᠡ ᠲᠤᠳᠤ ᠪᠠᠶᠢᠯᠭᠠᠬᠤ ᠲᠢᠩᠬᠢᠮ᠂ ᠠᠷᠢᠭᠤᠨ ᠴᠢᠭᠡᠴᠢ ᠶᠢ ᠰᠠᠨᠠᠭᠠᠴᠢᠯᠠᠬᠤ ᠲᠢᠩᠬᠢᠮ᠂ ᠠᠷᠢᠭᠤᠨ ᠴᠢᠭᠡᠴᠢ ᠪᠠᠶᠢᠬᠤ ᠶᠢ ᠢᠳᠬᠠᠬᠤ ᠲᠢᠩᠬᠢᠮ᠂ ᠠᠷᠢᠭᠤᠨ ᠴᠢᠭᠡᠴᠢ ᠶᠢ ᠡᠷᠬᠢᠮᠯᠡᠬᠦ ᠲᠢᠩᠬᠢᠮ ᠵᠡᠷᠬᠡ ᠳᠥᠷᠪᠡᠨ ᠭᠤᠤᠯ ᠰᠡᠳᠦᠪᠲᠦ ᠦᠵᠡᠭᠦᠯᠭᠡ ᠶᠢᠨ ᠲᠢᠩᠬᠢᠮ ᠢ ᠲᠤᠭᠤᠷᠢᠨ ᠦᠵᠡᠵᠤ᠂ ᠲᠤᠬᠠᠶ ᠶᠢᠨ ᠲᠠᠯᠠᠪᠠᠢ ᠳᠤ ᠲᠠᠶᠢᠯᠪᠤᠷᠢᠯᠠᠯᠲᠠ ᠶᠢ ᠰᠣᠨᠣᠰᠬᠤ᠂ ᠰᠡᠷᠡᠮᠵᠢᠯᠡᠭᠦᠯᠬᠦ ᠬᠥᠮᠦᠵᠢᠯ ᠤᠨ ᠬᠡᠷᠡᠭ ᠤᠨ ᠵᠢᠱᠢᠶ᠎ᠡ ᠶᠢ ᠦᠵᠡᠬᠦ ᠵᠡᠷᠭᠡ    ᠬᠡᠯᠪᠡᠷᠢ ᠪᠠᠷ ᠲᠡᠮᠵᠢᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ ᠠᠭᠤᠯᠤᠭᠳᠠᠵᠤ ᠪᠠᠶᠢᠭ᠎ᠠ ᠠᠷᠢᠭᠤᠨ ᠴᠢᠬᠡᠴᠢ ᠶᠢᠨ ᠦᠵᠡᠯ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠬᠥᠭᠵᠢᠯᠲᠡ ᠶᠢᠨ ᠶᠠᠪᠤᠴᠠ ᠶᠢ ᠭᠦᠨᠵᠡᠭᠡᠶ ᠰᠤᠷᠤᠯᠴᠠᠨ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠣᠶᠢᠷ᠎ᠠ ᠶᠢᠨ ᠵᠢᠯ ᠳᠤ ᠪᠠᠶᠢᠴᠠᠭᠠᠨ ᠰᠢᠶᠳᠪᠦᠷᠢᠯᠡᠭᠰᠡᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠤᠶᠢᠯᠠᠭᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠪᠠ᠃ ᠲᠣᠭᠤᠷᠢᠨ ᠦᠵᠡᠬᠦ ᠳᠤᠮᠳᠠ᠂ ᠣᠯᠠᠨ ᠢᠶᠠᠷ ᠢᠶᠠᠨ ᠨᠢᠭᠡ ᠲᠠᠯ᠎ᠠ ᠪᠠᠷ ᠲᠠᠶᠢᠯᠤᠮᠵᠢ ᠶᠢ ᠨᠠᠷᠢᠨ ᠬᠢᠨᠠᠮᠠᠭᠠᠶ ᠰᠣᠨᠣᠰᠴᠤ᠂ ᠨᠥᠭᠦᠭᠡ ᠲᠠᠯ᠎ᠠ ᠪᠠᠷ ᠬᠡᠷᠡᠭ ᠤᠨ ᠵᠢᠱᠢᠶ᠎ᠡ ᠶᠢᠨ ᠵᠠᠳᠠᠯᠤᠯᠲᠠ ᠶᠢ ᠨᠠᠷᠢᠨ ᠨᠢᠮᠪᠠᠶ ᠦᠵᠡᠵᠦ᠂ ᠪᠠᠶᠢᠨ ᠪᠠᠶᠢᠨ ᠵᠣᠭᠰᠣᠰᠬᠢᠨ ᠡᠷᠬᠢᠴᠡᠬᠦᠯᠦᠨ ᠪᠣᠳᠣᠯᠬᠢᠯᠠᠵᠤ ᠪᠠᠶᠢᠯ᠎ᠠ᠃     ᠰᠡᠷᠡᠮᠵᠢᠯᠡᠬᠦᠯᠦᠨ ᠰᠠᠨᠠᠭᠤᠯᠬᠤ ᠦᠭᠡ ᠶᠠᠷᠢᠶ᠎ᠠ᠂ ᠠᠮᠢᠳᠤ ᠪᠤᠳᠠᠳᠠᠢ ᠬᠡᠷᠡᠭ ᠤᠨ ᠵᠢᠱᠢᠶ᠎ᠡ ᠨᠢ ᠠᠵᠢᠯᠯᠠᠭ᠎ᠠ ᠳᠤ ᠣᠷᠣᠯᠴᠠᠭᠰᠠᠨ ᠤᠳᠤᠷᠢᠳᠬᠤ ᠨᠥᠬᠦᠳ ᠲᠤ ᠭᠦᠨ ᠭᠦᠨᠵᠡᠭᠡᠢ ᠬᠥᠮᠦᠵᠢᠯ ᠬᠦᠷᠲᠡᠭᠡᠪᠡ᠃ ᠤᠯᠠᠨ ᠢᠶᠠᠷ ᠢᠶᠠᠨ᠂ ᠰᠠᠬᠢᠯᠭ᠎ᠠ ᠪᠠᠲᠤ ᠴᠢᠩᠭ᠎ᠠ ᠪᠠᠶᠢᠬᠤ ᠪᠣᠯ ᠮᠠᠨ ᠤ ᠨᠠᠮ ᠤᠨ ᠢᠯᠠᠯᠲᠠ ᠠᠴᠠ ᠢᠯᠠᠯᠲᠠ ᠵᠦᠭ ᠤᠷᠤᠭᠰᠢᠯᠠᠬᠤ ᠶᠢᠨ ᠴᠢᠬᠤᠯᠠ ᠪᠠᠲᠤᠯᠠᠭ᠎ᠠ ᠮᠥᠨ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠨ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ ᠥᠪᠡᠷ ᠢ ᠪᠠᠨ ᠱᠠᠭᠠᠷᠳᠠᠵᠤ ᠬᠢᠵᠠᠭᠠᠷᠯᠠᠬᠤ ᠶᠢ ᠴᠢᠩᠭᠠᠳᠬᠠᠨ᠂ ︽ᠡᠬᠡᠯᠢᠯᠡᠭᠡ︾ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠵᠥᠪ ᠤᠨᠤᠪᠴᠢᠳᠠᠢ ᠡᠷᠬᠡ ᠶᠢᠨ ᠦᠵᠡᠯᠲᠡ᠂ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠠᠲᠤ ᠪᠤᠢ ᠪᠣᠯᠭᠠᠵᠤ᠂ ᠠᠷᠢᠭᠤᠨ ᠴᠢᠬᠡᠴᠢ ᠪᠠᠶᠢᠵᠤ ᠪᠡᠶ᠎ᠡ ᠪᠠᠨ ᠪᠠᠷᠢᠬᠤ ᠡᠯ᠎ᠡ ᠵᠦᠢᠯ ᠤᠨ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠲᠣᠳᠣᠷᠬᠠᠢ ᠪᠣᠯᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠡᠷᠡᠰ ᠪᠡᠶᠡᠯᠡᠭᠦᠯᠵᠦ᠂ ᠢᠯᠵᠠᠷᠠᠯ ᠢ ᠡᠰᠡᠷᠭᠦᠴᠡᠨ ᠴᠢᠨᠡᠷ ᠬᠤᠪᠢᠷᠠᠬᠤ ᠶᠢ    ᠰᠡᠷᠭᠡᠶᠢᠯᠡᠬᠦ ᠪᠠ ᠠᠶᠤᠯ ᠲᠦᠭᠰᠢᠭᠦᠷᠢ ᠶᠢ ᠡᠰᠡᠷᠭᠦᠴᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠴᠣᠭᠴᠠᠯᠠᠨ᠎ᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠ ᠣᠳᠣᠬᠠᠨ ᠤ ᠠᠵᠢᠯ ᠢᠶᠠᠨ ᠰᠠᠶᠢᠲᠤᠷ ᠬᠢᠬᠦ ᠶᠢ ᠤᠶᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠷᠭ᠎ᠠ ᠬᠡᠮᠵᠢᠶ᠎ᠡ ᠨᠢᠭᠡᠪᠦᠷᠢ ᠶᠢ ᠴᠥᠮ ᠠᠵᠢᠯ ᠢᠶᠠᠨ ᠠᠬᠢᠭᠤᠯᠬᠤ ᠪᠦᠲᠦᠮᠵᠢᠲᠡᠶ ᠠᠷᠭ᠎ᠠ ᠬᠡᠮᠵᠢᠶ᠎ᠡ ᠪᠣᠯᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠬᠥᠨᠳᠡᠯᠡᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠡ ᠬᠡᠵᠦ ᠢᠯᠡᠷᠬᠡᠶᠢᠯᠡᠵᠡᠭᠡᠪᠡ᠃     ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠲᠤᠭᠤᠷᠢᠭ ᠤᠨ ᠱᠠᠳᠤᠨ ᠤ ᠨᠠᠮ ᠤᠨ ᠭᠡᠰᠢᠭᠦᠨ ᠤᠳᠤᠷᠢᠳᠬᠤ ᠨᠥᠬᠦᠳ ᠬᠠᠮᠲᠤ ᠪᠠᠷ ᠲᠠᠩᠭᠠᠷᠢᠭᠯᠠᠬᠤ ᠶᠡᠭᠡ ᠲᠢᠩᠬᠢᠮ ᠳᠤ ᠣᠷᠣᠵᠤ᠂ ᠭᠠᠯ ᠤᠯᠠᠭᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠭ ᠤᠨ ᠡᠮᠦᠨ᠎ᠡ ᠲᠦᠪ ᠵᠤᠬᠰᠤᠨ᠂ ᠶᠢᠨ ᠶᠦᠩ ᠯᠢ ᠣᠯᠠᠨ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡᠰ ᠢ ᠳᠠᠬᠢᠨ ᠤᠩᠰᠢᠪᠠ᠃ ᠨᠠᠮ ᠤᠨ ᠲᠤᠭ ᠤᠨ ᠡᠮᠦᠨ᠎ᠡ᠂ ᠤᠯᠠᠨ ᠢᠶᠠᠷ ᠢᠶᠠᠨ ᠪᠠᠷᠠᠭᠤᠨ ᠨᠢᠳᠤᠷᠭ᠎ᠠ ᠪᠠᠨ ᠵᠠᠩᠭᠢᠳᠴᠤ ᠲᠥᠪ ᠴᠢᠩᠭ᠎ᠠ ᠪᠠᠷ ᠲᠠᠩᠭᠠᠷᠢᠭᠯᠠᠵᠤ᠂ ᠡᠷᠡᠰ ᠪᠠᠲᠤ ᠲᠠᠩᠭᠠᠷᠢᠭ ᠤᠨ ᠦᠬᠡᠰ ᠤᠳᠠᠲᠠᠯ᠎ᠠ ᠴᠤᠤᠷᠢᠶᠠᠲᠤᠪᠠ᠃      ᠲᠤᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠰᠤᠷᠭᠠᠨ ᠬᠥᠮᠦᠵᠢᠯ ᠤᠨ ᠰᠢᠰᠲ᠋ᠧᠮ ᠤᠨ ᠰᠢᠶᠠᠨ ᠤ ᠱᠠᠲᠤᠨ ᠤ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠪᠠ᠃ ︵ᠰᠤᠷᠪᠤᠯᠵᠢᠯᠠᠭᠴᠢ᠄ ᠹᠧᠩ ᠰᠢᠤᠸᠠᠢ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号