ᠬᠤᠲᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠬᠤᠭ ᠨᠣᠪᠰᠢ ᠶᠢ ᠲᠥᠷᠥᠯ ᠬᠤᠪᠢᠶᠠᠬᠤ ᠵᠢᠱᠢᠶ᠎ᠡ ᠦᠵᠡᠭᠦᠯᠬᠦ ᠲᠣᠭᠤᠷᠢᠭ ᠢ ᠪᠥᠬᠦ ᠬᠦᠴᠦᠨ ᠢᠶᠠᠷ ᠢᠶᠠᠨ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2024/6/3
     5 ᠰᠠᠷ᠎ᠠ ᠶᠢᠨ 26 ᠤ ᠡᠳᠦᠷ᠂ ᠬᠤᠳᠠ ᠶᠢᠨ ᠵᠠᠰᠠᠭ ᠤᠨ ᠵᠡᠭᠦᠨ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠲᠥᠷᠥᠯ ᠬᠤᠪᠢᠶᠠᠬᠤ ᠶᠢ ᠦᠶᠯᠡᠳᠦᠯᠭᠡᠵᠢᠭᠦᠯᠬᠦ ᠰᠢᠨ᠎ᠡ ᠤᠷᠤᠰᠬᠠᠯ · ᠰᠠᠶᠢᠨ ᠳᠤᠷ᠎ᠠ ᠶᠢᠨ ᠦᠶᠯᠡᠴᠢᠯᠡᠭᠡ ᠶᠢ ᠪᠢ ᠤᠷᠢᠳ ᠪᠠᠷ ᠬᠡᠷᠡᠭᠵᠢᠬᠦᠯᠦᠨ᠎ᠡ︾ ᠬᠤᠭ ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢᠨ ᠴᠡᠭ ᠤᠨ ᠡᠬᠢᠯᠡᠯᠲᠡ ᠶᠢᠨ ᠶᠣᠰᠣᠯᠠᠯ ᠵᠢᠴᠢ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠨᠢ 3 ᠬᠤᠷᠢᠶᠠᠯᠠᠯ ᠢᠶᠠᠷ ᠬᠤᠭ ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢᠨ ᠴᠡᠭ ᠤᠨ ᠬᠤᠷᠢᠶᠠᠯᠠᠯ ᠪᠣᠯᠭᠠᠵᠤ᠂ ᠠᠮᠢᠳᠤᠷᠠᠯ ᠤᠨ ᠬᠤᠭ ᠨᠣᠪᠰᠢ ᠶᠢ ︽ᠲᠥᠷᠥᠯ ᠬᠤᠪᠢᠶᠠᠨ ᠲᠠᠯᠪᠢᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ ᠪᠠ ᠲᠥᠷᠥᠯ ᠬᠤᠪᠢᠶᠠᠨ ᠰᠢᠶᠳᠪᠦᠷᠢᠯᠡᠬᠦ︾ ᠪᠥᠬᠦ ᠬᠡᠯᠬᠢᠶᠡᠨ ᠤ ᠵᠠᠭᠪᠤᠷ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ︔ ᠪᠤᠰᠤᠳ 21ᠬᠤᠷᠢᠶᠠᠯᠠᠯ ᠳᠤ ︽ᠬᠤᠭ ᠤᠨ ᠲᠦᠩᠰᠡ ᠶᠢ ᠬᠠᠰᠤᠵᠤ ᠴᠡᠭ ᠢ ᠨᠡᠶᠢᠯᠡᠭᠦᠯᠬᠦ︾ ᠱᠠᠭᠠᠷᠳᠠᠯᠭ᠎ᠠ ᠶᠣᠰᠣᠭᠠᠷ᠂ ᠠᠮᠢᠳᠤᠷᠠᠯ ᠤᠨ ᠬᠤᠭ ᠨᠣᠪᠰᠢ ᠶᠢᠨ ᠲᠥᠬᠦᠭᠡᠷᠦᠮᠵᠢ ᠶᠢ ᠲᠤᠭᠳᠠᠭᠠᠯ ᠶᠤᠰᠤᠭᠠᠷ ᠲᠠᠯᠪᠢᠬᠤ ᠶᠢ ᠪᠦᠬᠦᠨ ᠢ ᠪᠦᠷᠬᠦᠬᠦᠯᠬᠦ ᠶᠢ ᠪᠡᠶᠡᠯᠡᠬᠦᠯᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠶᠢᠨ ᠳᠡᠪᠲᠡᠷ ᠢ ᠨᠡᠶᠢᠲᠡ 1000 ᠭᠠᠷᠤᠶ ᠬᠤᠪᠢ ᠲᠠᠷᠬᠠᠭᠠᠵᠤ᠂ ᠣᠷᠴᠢᠨ ᠲᠣᠭᠤᠷᠢᠨ ᠢ ᠬᠠᠮᠠᠭᠠᠯᠠᠬᠤ ᠬᠤᠭ ᠨᠣᠪᠰᠢ ᠶᠢᠨ ᠤᠭᠤᠲᠠ ᠶᠢ 2000 ᠭᠠᠷᠤᠶ ᠲᠠᠷᠬᠠᠭᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠬᠠᠶ ᠣᠶᠢᠯᠠᠭᠠᠬᠤ ᠬᠡᠮᠵᠢᠶ᠎ᠡ᠂ ᠮᠡᠳᠡᠷᠡᠬᠦ ᠬᠡᠮᠵᠢᠶ᠎ᠡ᠂ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号