ᠨᠢᠭᠡ ᠳᠤ᠂ ᠦᠨᠳᠦᠰᠦᠨ ᠱᠠᠲᠤᠨ ᠤ ᠵᠠᠰᠠᠯᠲᠠ ᠶᠢᠨ ᠲᠥᠰᠦᠯ ᠢ ᠰᠦᠪᠡᠭᠴᠢᠯᠡᠨ ᠲᠡᠭᠦᠯᠳᠡᠷᠵᠢᠭᠦᠯᠪᠠ᠃ ︽ | ᠠᠷᠠᠳ ᠤᠨ ᠲᠠᠭᠤᠨ ᠢ ᠰᠤᠨᠤᠰᠴᠤ ᠠᠷᠠᠳ ᠤᠯᠠᠨ ᠬᠦᠰᠡᠯ ᠱᠠᠭᠠᠷᠳᠠᠯᠭ᠎ᠠ ᠲᠠᠢ ᠯᠠ ᠪᠤᠯ ᠬᠠᠷᠢᠭᠤ ᠦᠭᠬᠦ︾ | ᠠᠷᠠᠳ ᠤᠨ ᠪᠠᠶᠢᠳᠠᠯ ᠠᠷᠠᠳ ᠤᠨ ᠰᠠᠨᠠᠯ ᠢ ᠬᠤᠷᠢᠶᠠᠬᠤ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠭᠡᠰᠢᠭᠦᠨ ᠪᠠ | ᠣᠯᠠᠨ ᠲᠦᠮᠡᠨ ᠤ ᠰᠠᠨᠠᠯ ᠰᠠᠨᠠᠭᠤᠯᠭ᠎ᠠ ᠶᠣᠰᠣᠭᠠᠷ 8 ᠶᠡᠭᠡ ᠲᠥᠷᠥᠯ ᠤᠨ ᠦᠶᠯᠡᠴᠢᠯᠡᠭᠡᠨ ᠤ ᠴᠢᠳᠠᠮᠵᠢᠳᠤ ᠣᠷᠣᠨ | ᠪᠦᠰᠡ ᠶᠢ ᠭᠠᠷᠭᠠᠵᠤ᠂ 20 ᠭᠠᠷᠤᠶ ᠵᠦᠶᠯ ᠤᠨ ᠦᠶᠯᠡᠴᠢᠯᠡᠭᠡᠨ ᠤ ᠠᠭᠤᠯᠭ᠎ᠠ ᠬᠠᠩᠭᠠᠵᠤ᠂ ᠬᠠᠷᠢᠶ᠎ᠠ ᠣᠷᠣᠨ ᠤ | ᠣᠯᠠᠨ ᠲᠦᠮᠡᠨ ᠳᠤ ᠨᠡᠶᠢᠲᠡ 8000 ᠭᠠᠷᠤᠶ ᠬᠥᠮᠦᠨ ᠤᠳᠠᠭ᠎ᠠ ᠳᠤ ᠦᠶᠯᠡᠴᠢᠯᠡᠪᠡ᠃ ᠬᠤᠶᠠᠷ ᠲᠤ᠂ ︽ᠳᠥᠷᠪᠡᠨ | ᠤᠯᠠᠷᠢᠯ ᠢ ᠬᠠᠮᠤᠷᠬᠤ︾ ᠪᠦᠷᠢᠨ ᠴᠠᠭ ᠬᠤᠭᠤᠴᠠᠭᠠᠨ ᠤ ᠦᠶᠯᠡᠴᠢᠯᠡᠭᠡᠨ ᠤ ᠲᠣᠭᠲᠠᠴᠠ ᠶᠢ ᠪᠠᠶᠢᠭᠤᠯᠪᠠ᠃ | ᠨᠠᠰᠤᠲᠠᠶᠢᠴᠤᠳ ᠤᠨ ᠶᠡᠭᠡ ᠰᠤᠷᠭᠠᠭᠤᠯᠢ᠂ ᠤᠯᠠᠭᠠᠨ ᠠᠨᠠᠷ ᠬᠡᠷ ᠣᠷᠣᠨ ᠵᠡᠷᠭᠡ 10 ᠦᠶᠯᠡᠴᠢᠯᠡᠭᠡᠨ ᠤ ᠲᠥᠷᠥᠯ | ᠵᠦᠶᠯ ᠢ ᠨᠡᠭᠡᠭᠡᠵᠦ᠂ 5 ᠬᠠᠮᠲᠤ ᠪᠠᠷ ᠪᠠᠶᠢᠭᠤᠯᠬᠤ ᠨᠢᠭᠡᠴᠢ ᠲᠠᠢ ᠬᠠᠮᠳᠤᠷᠠᠨ ᠨᠠᠰᠤᠨ ᠳᠤ ᠥᠯᠥ ᠭᠦᠷᠦᠭᠰᠡᠳ᠂ | ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠶᠢᠨ ᠲᠣᠭᠤᠷᠢᠨ ᠳᠤ ᠡᠴᠢᠭᠡ ᠡᠬᠡ ᠦᠷ᠎ᠡ ᠬᠡᠦᠬᠡᠳ ᠤᠨ | ᠪᠡᠶᠡᠴᠢᠯᠡᠨ ᠣᠶᠢᠯᠠᠭᠠᠬᠤ ᠪᠠ ᠪᠠᠷ᠎ᠠ ᠪᠣᠯᠬᠤ ᠲᠠᠪᠴᠠᠩ ᠢ ᠪᠠᠶᠢᠭᠤᠯᠵᠤ᠂ ᠰᠢᠷᠢᠰ ᠠᠵᠢᠯᠯᠠᠭ᠎ᠠ ᠶᠢ 40 ᠭᠠᠷᠤᠶ | ᠤᠳᠠᠭ᠎ᠠ ᠢᠳᠡᠪᠬᠢᠲᠡᠶ ᠥᠷᠨᠢᠭᠦᠯᠪᠡ᠃ ᠭᠤᠷᠪᠠ ᠳᠤ᠂ ︽ᠰᠠᠶᠢᠨ ᠰᠠᠶᠢᠬᠠᠨ ᠢ ᠪᠦᠷᠢᠳᠦᠬᠦᠯᠬᠦ︾ ᠬᠤᠤᠰ | ᠴᠢᠭᠯᠡᠯ ᠢᠶᠠᠷ ᠠᠰᠢᠭ ᠬᠦᠷᠳᠡᠬᠦ ᠲᠠᠪᠴᠠᠩ ᠢ ᠬᠦᠢᠴᠡᠳ ᠠᠰᠢᠭᠯᠠᠪᠠ᠃ ᠬᠠᠷᠢᠶ᠎ᠠ ᠣᠷᠣᠨ ᠤ 120 ᠭᠠᠷᠤᠶ | ᠬᠤᠳᠠᠯᠳᠤᠭᠠᠨ ᠤ ᠲᠣᠭᠤᠷᠢᠭ᠂ ᠠᠰᠠᠷ ᠤᠨ ᠲᠤᠤᠷᠠᠬᠢ ᠳᠡᠯᠭᠡᠭᠦᠷ᠂ ᠲᠦᠷᠭᠡᠨ ᠬᠦᠷᠭᠡᠯᠲᠡ ᠶᠢᠨ ᠤᠯᠠᠭ᠎ᠠ ᠥᠷᠲᠡᠭᠡ | ᠵᠡᠷᠭᠡ ᠳᠤ ᠠᠵᠢᠯᠯᠠᠵᠤ ᠪᠠᠶᠢᠭ᠎ᠠ 3000 ᠭᠠᠷᠤᠶ ᠬᠥᠮᠦᠰ ᠲᠤ ᠣᠨᠣᠯ ᠤᠨ ᠤᠬᠠᠭᠤᠯᠭ᠎ᠠ᠂ ᠠᠵᠢᠯ ᠣᠯᠭᠤᠯᠲᠠ | ᠠᠮᠢᠳᠤᠷᠠᠯ ᠵᠡᠷᠭᠡ ᠲᠠᠯ᠎ᠠ ᠶᠢᠨ ᠦᠶᠯᠡᠴᠢᠯᠡᠭᠡ ᠬᠠᠩᠭᠠᠵᠤ᠂ ︽ᠬᠤᠶᠠᠷ ᠰᠢᠨ᠎ᠡ︾ ᠵᠣᠬᠢᠶᠠᠨ ᠪᠠᠶᠢᠭᠤᠯᠤᠯᠲᠠ ᠵᠡᠷᠭᠡ | ᠬᠠᠮᠲᠤ ᠪᠠᠷ ᠪᠠᠶᠢᠭᠤᠯᠬᠤ ᠨᠢᠭᠡᠴᠢ ᠶᠢᠨ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ ᠶᠢ ᠦᠷᠭᠦᠯᠵᠢᠯᠡᠨ | ᠠᠬᠢᠭᠤᠯᠪᠠ᠃ |