ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠠᠵᠢᠯ ᠤᠨ ᠬᠤᠷᠠᠯ ᠬᠤᠷᠠᠯᠳᠤᠵᠤ ᠪᠥᠬᠦ ᠲᠤᠭᠤᠷᠢᠭ  ᠤᠨ ᠲᠤᠯᠠᠭᠠᠯᠠᠭ᠎ᠠ ᠶᠢᠨ ᠢᠨᠵᠧᠨᠧᠷᠢᠩ ᠢ  ᠰᠤᠳᠤᠯᠤᠨ ᠠᠬᠢᠭᠤᠯᠪᠠ
ᠨᠡᠶᠢᠲᠡᠯᠡᠭᠰᠡᠨ ᠴᠠᠭ᠄
2024/6/30
    6 ᠰᠠᠷ᠎ᠠ ᠶᠢᠨ 28 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠱᠦᠵᠢ  ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠲᠤᠭᠤᠷᠢᠭ ᠤᠨ ᠲᠤᠯᠠᠭᠠᠯᠠᠭ᠎ᠠ ᠶᠢᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠲᠤᠭᠤᠷᠢᠭ ᠤᠨ ᠤᠳᠤᠷᠢᠳᠤᠯᠭ᠎ᠠ ᠢᠦᠶ ᠵᠠᠨ ᠵᠢᠶᠠᠩ᠂ ᠰᠤ᠋ ᠵᠢᠶᠦ᠋ᠨ ᠬᠤᠷᠠᠯ ᠳᠤ ᠣᠷᠣᠯᠴᠠᠪᠠ᠃      ᠶᠢᠨ ᠶᠦᠩ ᠯᠢ᠂ ᠲᠤᠯᠠᠭᠠᠯᠠᠭ᠎ᠠ ᠶᠢᠨ ᠢᠨᠵᠧᠨᠧᠷᠢᠩ ᠪᠣᠯ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠠᠷᠠᠳ ᠤᠯᠠᠨ ᠤ ᠲᠦᠷᠦᠭᠳᠡᠯ ᠢᠶᠠᠷ ᠬᠠᠮᠤᠭ ᠤᠨ ᠢᠯᠡᠷᠬᠡᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠣᠯᠠᠨ ᠲᠦᠮᠡᠨ ᠤ ᠬᠠᠯᠠᠭᠤᠨ ᠬᠦᠶᠲᠡᠨ ᠳᠤ ᠬᠤᠯᠪᠣᠭᠳᠠᠬᠤ ᠳᠤᠯᠠᠭᠠᠯᠠᠭ᠎ᠠ ᠶᠢᠨ ᠠᠰᠠᠭᠤᠳᠠᠯ ᠢ ᠲᠦᠢᠯᠪᠤᠷᠢᠲᠠᠶ ᠰᠢᠶᠳᠪᠦᠷᠢᠯᠡᠬᠦ ᠶᠢ ᠴᠢᠬᠤᠯᠠ ᠶᠠᠪᠤᠳᠠᠯ ᠪᠠᠴᠢᠮ ᠶᠠᠪᠤᠳᠠᠯ ᠪᠣᠯᠭᠠᠵᠤ᠂ ᠨᠢᠭᠡᠳᠦᠯᠲᠡᠶ ᠲᠥᠯᠥᠪᠵᠢᠭᠦᠯᠦᠨ ᠰᠦᠪᠡᠭᠴᠢᠯᠡᠵᠦ᠂ ᠥᠨᠳᠥᠷ ᠪᠦᠲᠦᠮᠵᠢᠲᠡᠶ ᠪᠠᠷ ᠠᠬᠢᠭᠤᠯᠵᠤ᠂ ᠣᠯᠠᠨ ᠲᠦᠮᠡᠨ ᠤ ᠳᠤᠯᠠᠭᠠᠯᠠᠭ᠎ᠠ ᠶᠢᠨ ᠠᠰᠠᠭᠤᠳᠠᠯ ᠢ ᠰᠢᠰᠲ᠋ᠧᠮ ᠲᠠᠢ ᠰᠠᠶᠢᠲᠤᠷ ᠰᠢᠶᠳᠪᠦᠷᠢᠯᠡᠵᠦ᠂ ᠣᠯᠠᠨ ᠲᠦᠮᠡᠨ ᠤ ᠭᠡᠷ ᠪᠠᠶᠢᠰᠢᠩ ᠢ ᠳᠤᠯᠠᠭᠠᠯᠠᠬᠤ ᠮᠦᠷᠳᠡᠭᠡᠨ    ᠨᠠᠩ ᠴᠤ ᠰᠡᠳᠬᠢᠯ ᠢ ᠨᠢ ᠲᠤᠯᠠᠭᠠᠴᠠᠭᠤᠯᠬᠤ ᠪᠠᠷ ᠴᠢᠷᠮᠠᠶᠢᠬᠤ ᠬᠡᠷᠡᠭᠲᠡᠶ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ᠂ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠴᠠᠭ ᠬᠤᠭᠤᠴᠠᠭ᠎ᠠ ᠶᠢ ᠵᠠᠪᠳᠤᠨ ᠠᠳᠬᠤᠵᠤ᠂ ᠪᠠᠷᠢᠯᠭ᠎ᠠ ᠶᠢᠨ ᠠᠵᠢᠯ ᠤᠨ ᠴᠠᠭ ᠬᠤᠭᠤᠴᠠᠭᠠᠨ ᠤ ᠳᠡᠰ ᠳᠠᠷᠠᠭᠠᠯᠠᠯ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠪᠠᠷᠢᠯᠭ᠎ᠠ ᠶᠢ ᠴᠢᠩᠭ᠎ᠠ ᠠᠳᠬᠤᠨ᠂ ᠲᠤᠬᠳᠠᠬᠰᠠᠨ ᠬᠤᠭᠤᠴᠠᠭ᠎ᠠ ᠶᠣᠰᠣᠭᠠᠷ ᠪᠠᠶᠢᠭᠤᠯᠵᠤ ᠳᠠᠭᠤᠰᠬᠠᠵᠤ᠂ ᠪᠠᠷᠢᠯᠭ᠎ᠠ ᠶᠢᠨ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠤᠯᠤᠰ ᠤᠨ ᠬᠤᠷᠸ᠎ᠠ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠰᠤᠳᠤᠯᠤᠨ ᠡᠵᠡᠮᠳᠡᠵᠦ᠂ ᠳᠡᠭᠡᠳᠦ ᠱᠠᠲᠤᠨ ᠤ ᠪᠡᠯᠡ ᠮᠥᠩᠭᠦ ᠶᠢᠨ ᠲᠦᠷᠦ ᠶᠢᠨ ᠪᠤᠳᠤᠯᠭ᠎ᠠ ᠶᠢ ᠲᠡᠮᠡᠴᠡᠨ ᠤᠯᠬᠤ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠤᠨ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠢ ᠡᠮᠬᠢ ᠵᠢᠷᠤᠮ ᠲᠠᠢ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ᠃ ᠰᠠᠯᠠᠭ᠎ᠠ ᠮᠥᠴᠢᠷ ᠤᠨ ᠬᠤᠭᠤᠷᠤᠨᠳᠤᠬᠢ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠶ︾ ᠪᠠᠷ ᠲᠦᠭᠵᠢᠷᠡᠯ ᠴᠡᠭ ᠬᠤᠷᠢᠭ᠎ᠠ ᠴᠡᠭ ᠢ ᠨᠡᠪᠲᠡᠷᠡᠭᠦᠯᠵᠦ᠂ ᠲᠤᠯᠠᠭᠠᠯᠠᠭ᠎ᠠ ᠶᠢᠨ ᠢᠨᠵᠧᠨᠧᠷᠢᠩ ᠤᠨ ᠡᠯ᠎ᠡ ᠵᠦᠶᠯ ᠤᠨ ᠡᠭᠦᠷᠭᠡ ᠶᠢ ᠪᠣᠳᠠᠲᠠᠶ ᠠᠳᠬᠤᠵᠤ ᠨᠠᠷᠢᠯᠢᠭ ᠠᠳᠬᠤᠨ᠂ ᠪᠥᠬᠦ ᠲᠤᠭᠤᠷᠢᠭ ᠤᠨ ᠣᠯᠠᠨ ᠲᠦᠮᠡᠨ ᠳᠤ ᠨᠢᠭᠡ ᠬᠤᠪᠢ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ ᠬᠡᠪᠡ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ   ᠬᠢᠨᠠᠨ ᠬᠠᠷᠭᠤᠭᠤᠯᠤᠬᠰᠠᠨ ᠨᠢ  ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号