ᠲᠤᠭᠤᠷᠢᠭ ᠤᠨ ᠨᠠᠮ ᠤᠨ ᠬᠤᠷᠢᠶ᠎ᠠ ᠪᠦᠬᠦ ᠲᠤᠭᠤᠷᠢᠭ ᠤᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ    ᠶᠢᠨ ᠶᠦᠩ ᠯᠢ ᠬᠤᠷᠠᠯ ᠢ ᠡᠷᠬᠢᠯᠡᠭᠰᠡᠨ ᠪᠦᠬᠡᠳ ᠰᠠᠬᠢᠯᠭ᠎ᠠ ᠪᠠᠲᠤ ᠨᠠᠮ ᠤᠨ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2024/6/30
     6 ᠰᠠᠷ᠎ᠠ ᠶᠢᠨ 28 ᠤ ᠡᠳᠦᠷ᠂ ᠪᠥᠬᠦ ᠲᠤᠭᠤᠷᠢᠭ ᠤᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠢᠨ ᠶᠦᠩ ᠯᠢ  ᠬᠤᠷᠠᠯ ᠢ ᠡᠷᠬᠢᠯᠡᠭᠰᠡᠨ ᠪᠦᠬᠡᠳ ᠰᠠᠬᠢᠯᠭ᠎ᠠ ᠪᠠᠲᠤ ᠨᠠᠮ ᠤᠨ ᠬᠢᠴᠢᠶᠡᠯ ᠤᠷᠤᠪᠠ᠃
     ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠢ ᠵᠠᠨ ᠵᠢᠶᠠᠩ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠬᠤ᠋ ᠲᠢᠩ ᠪᠦᠬᠦ ᠲᠤᠭᠤᠷᠢᠭ ᠤᠨ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠣᠯᠤᠨ ᠰᠠᠬᠢᠯᠭ᠎ᠠ ᠪᠠᠲᠤ ᠶᠢ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠵᠠᠳᠠᠯᠤᠯᠲᠠ ᠬᠢᠪᠡ᠃      ᠶᠢᠨ ᠶᠦᠩ ᠯᠢ᠂ ᠪᠦᠬᠦ ᠲᠤᠭᠤᠷᠢᠭ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠲᠦᠷᠢᠮ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠭᠦᠨᠵᠡᠭᠡᠢ ᠰᠤᠷᠤᠯᠴᠠᠵᠤ᠂ ᠵᠠᠰᠠᠭ ᠤᠨ ᠶᠣᠰᠣ ᠰᠤᠷᠲᠠᠬᠤᠨ ᠢ ᠡᠷᠬᠢᠮᠯᠡᠵᠦ᠂ ᠰᠠᠬᠢᠯᠭ᠎ᠠ ᠪᠠᠲᠤ ᠶᠢ ᠡᠷᠬᠢᠮᠯᠡᠵᠦ᠂ ᠬᠠᠤᠯᠢᠵᠢᠯ ᠢ ᠡᠷᠬᠢᠮᠯᠡᠵᠦ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠡᠭᠡᠷ᠎ᠡ ᠪᠠᠨ ᠢᠯᠡᠷᠡᠭᠦᠯᠬᠦ ᠬᠡᠷᠡᠭᠲᠡᠢ᠃ ᠬᠡᠷᠡᠭ ᠢᠶᠠᠷ ᠶᠣᠰᠣ ᠰᠤᠷᠳᠠᠬᠤᠨ ᠢ ᠶᠠᠷᠢᠬᠤ᠂ ᠬᠡᠷᠡᠭ ᠢᠶᠠᠷ ᠰᠠᠬᠢᠯᠭ᠎ᠠ ᠪᠠᠲᠤ ᠶᠢ ᠶᠠᠷᠢᠬᠤ᠂ ᠬᠡᠷᠡᠭ ᠢᠶᠠᠷ ᠬᠠᠤᠯᠢ ᠶᠢ ᠶᠠᠷᠢᠬᠤ᠂ ᠬᠡᠷᠡᠭ ᠢᠶᠠᠷ ᠬᠠᠷᠢᠭᠤᠴᠠᠯᠭ᠎ᠠ ᠶᠢ ᠶᠠᠷᠢᠬᠤ ᠶᠢ ᠭᠦᠨᠵᠡᠭᠡᠢ ᠥᠷᠨᠢᠭᠦᠯᠵᠦ᠂ ︽ᠠᠵᠢᠯ ᠬᠢᠬᠦ ᠳᠡᠭᠡᠨ ᠬᠠᠷᠢᠭᠤᠴᠠᠯᠭ᠎ᠠ ᠡᠭᠦᠷᠭᠡᠯᠡᠬᠦ ᠦᠭᠡᠢ︾᠂ ︽︿ ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠢ﹀ ᠪᠠᠲᠤ ᠪᠢᠰᠢ︾᠂ ︽ᠠᠵᠢᠯ ᠢ ᠨᠠᠷᠢᠯᠢᠭ ᠬᠢᠬᠦ ᠦᠬᠡᠢ ᠤᠨᠢᠨ ᠳᠡᠬᠡᠷ᠎ᠡ ᠨᠢ ᠬᠢᠬᠦ ᠦᠬᠡᠢ ᠪᠠᠶᠢᠬᠤ︾᠂ ︽ᠠᠵᠢᠯ ᠤᠨ ᠦᠷ᠎ᠡ ᠪᠦᠲᠦᠮᠵᠢ ᠳᠣᠣᠷ᠎ᠠ ᠠᠵᠢᠯᠯᠠᠭ᠎ᠠ ᠤᠳᠠᠭᠠᠨ︾ ᠪᠠᠶᠢᠬᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠪᠦᠬᠦ ᠲᠠᠯ᠎ᠠ ᠪᠠᠷ ᠬᠠᠷᠭᠤᠭᠤᠯᠤᠨ ᠪᠠᠶᠢᠴᠠᠭᠠᠬᠤ ᠳᠤᠮᠳᠠ ᠪᠢᠰᠢᠷᠡᠨ ᠵᠢᠷᠦᠬᠡᠰᠢᠶᠡᠬᠦ ᠶᠢ ᠮᠡᠳᠡᠬᠦ᠂  ᠵᠢᠷᠦᠬᠡᠰᠢᠶᠡᠨ ᠴᠡᠭᠡᠷᠯᠡᠬᠦ ᠶᠢ ᠪᠠᠷᠢᠮᠳᠠᠯᠠᠬᠤ᠂ ᠬᠤᠷᠢᠭ᠎ᠠ ᠱᠤᠭᠤᠮ ᠢ ᠰᠠᠬᠢᠬᠤ ᠶᠢ ᠪᠡᠶᠡᠯᠡᠬᠦᠯᠬᠦ ᠬᠡᠷᠡᠭᠲᠡᠢ ᠬᠡᠵᠦ ᠴᠢᠬᠤᠯᠠᠴᠢᠯᠠᠪᠠ᠃        ᠶᠢᠨ ᠶᠦᠩ ᠯᠢ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ ᠠᠵᠢᠯ ᠬᠢᠵᠦ ᠦᠢᠯᠡᠰ ᠪᠤᠰᠬᠠᠬᠤ ᠢᠳᠡ ᠬᠦᠴᠦᠨ ᠢᠶᠠᠨ ᠴᠢᠩᠭᠠᠳᠬᠠᠬᠤ ᠬᠡᠷᠡᠭᠲᠡᠢ᠂ ᠬᠦᠰᠡᠯᠡᠩ ᠢᠲᠡᠭᠡᠯ ᠪᠢᠰᠢᠷᠡᠯ ᠤᠨ ︽ᠠᠮᠢ ᠨᠠᠰᠤᠨ ᠤ ᠱᠤᠭᠤᠮ︾ ᠢ ᠪᠠᠲᠤ ᠴᠣᠭᠴᠠᠯᠠᠵᠤ᠂ ᠢᠯᠵᠠᠷᠠᠯ ᠢ ᠡᠰᠡᠷᠭᠦᠴᠡᠨ ᠴᠢᠨᠡᠷ ᠬᠤᠪᠢᠷᠠᠬᠤ ᠶᠢ ᠰᠡᠷᠭᠡᠶᠢᠯᠡᠬᠦ ︽ᠰᠡᠷᠭᠡᠶᠢᠯᠡᠯᠲᠡ ᠶᠢᠨ ᠱᠤᠭᠤᠮ︾ ᠢ ᠴᠢᠩᠭᠠᠯᠠᠨ᠂ ᠳᠦᠷᠢᠮ ᠲᠣᠭᠲᠠᠭᠠᠯ ᠤᠨ ︽ᠥᠨᠳᠥᠷ ᠳᠠᠷᠤᠯᠲᠠᠲᠤ ᠱᠤᠭᠤᠮ︾ ᠢ ᠲᠤᠳᠤᠷᠬᠠᠶᠢᠯᠠᠨ ᠴᠢᠩᠳᠠᠯᠠᠵᠤ᠂ ᠠᠵᠢᠯ ᠬᠢᠵᠦ ᠦᠶᠯᠡᠰ ᠪᠦᠲᠦᠭᠡᠬᠦ ︽ᠦᠨᠳᠦᠰᠦᠨ ᠪᠠᠷᠢᠮᠵᠢᠶ᠎ᠠ ᠱᠤᠭᠤᠮ︾ ᠢ ᠥᠨᠳᠥᠷ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠬᠦ ᠬᠡᠷᠡᠭᠲᠡᠶ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠬᠦ᠂ ᠪᠤᠳᠠᠳᠠᠶᠢᠵᠭᠤᠯᠬᠤ᠂       ᠰᠡᠳᠬᠢᠯ ᠳᠤ ᠰᠠᠭᠤᠬᠳᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠳᠠᠶᠢᠴᠢᠯᠠᠨ᠂ ᠰᠤᠷᠤᠯᠴᠠᠵᠤ ᠲᠤᠶᠢᠯ ᠤᠨ ᠦᠨᠡᠨᠴᠢ ᠰᠢᠳᠤᠷᠭᠤ ᠪᠤᠯᠬᠤ᠂ ᠰᠤᠷᠤᠯᠴᠠᠵᠤ ᠪᠠᠲᠤ ᠴᠢᠩᠭ᠎ᠠ ᠢᠲᠡᠭᠡᠯ ᠪᠢᠰᠢᠷᠡᠯ ᠲᠠᠢ ᠪᠤᠯᠬᠤ᠂ ᠰᠤᠷᠤᠯᠴᠠᠵᠤ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ᠂ ᠰᠤᠷᠤᠯᠴᠠᠵᠤ ᠰᠠᠬᠢᠯᠭ᠎ᠠ ᠪᠠᠲᠤ ᠶᠢ ᠴᠢᠩᠳᠠᠯᠠᠬᠤ ᠶᠢ ᠪᠡᠶᠡᠯᠡᠬᠦᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠳᠠᠮᠵᠢᠨ ᠪᠤᠢ ᠪᠣᠯᠤᠭᠰᠠᠨ ᠰᠠᠬᠢᠯᠭ᠎ᠠ ᠪᠠᠲᠤ ᠶᠢᠨ ᠤᠬᠠᠮᠰᠠᠷ ᠪᠣᠯᠤᠨ ᠠᠵᠢᠯ ᠤᠨ ᠤᠷᠬᠢᠯᠤᠮ᠎ᠠ ᠬᠠᠯᠠᠭᠤᠨ ᠰᠡᠳᠬᠢᠯᠭᠡ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠂ ᠮᠠᠨ ᠤ ᠲᠤᠭᠤᠷᠢᠭ ᠪᠥᠬᠦ ᠤᠯᠤᠰ ᠤᠨ ᠮᠢᠩᠭᠠᠨ ᠳ᠋ᠦᠩᠰᠢᠭᠤᠷ ᠤᠨ ᠲᠠᠰ ᠤᠨ ᠰᠢᠶᠠᠨ ᠬᠤᠲᠠ ᠲᠣᠭᠤᠷᠢᠭ ᠤᠨ 100 ᠬᠦᠴᠦᠷᠬᠡᠭ ᠲᠡᠶᠢᠰᠢ ᠲᠦᠷᠭᠡᠨ ᠤᠷᠤᠭᠰᠢᠯᠠᠬᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠬᠤᠰᠢᠭᠤᠴᠢ ᠪᠣᠯᠬᠤ ᠪᠠᠷ ᠪᠥᠬᠦ ᠲᠠᠯ᠎ᠠ ᠪᠠᠷ ᠴᠢᠷᠮᠠᠶᠢᠬᠤ ᠳᠤ ᠬᠠᠮᠤᠭ ᠤᠨ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠪᠦᠬᠦ ᠲᠤᠭᠤᠷᠢᠭ ᠤᠨ ᠰᠢᠶᠠᠨ ᠤ ᠱᠠᠲᠤᠨ ᠤ ᠤᠳᠤᠷᠢᠳᠤᠯᠭ᠎ᠠ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠵᠡᠭᠡᠯᠢ  ᠭᠤᠳᠤᠮᠵᠢ ᠪᠠᠯᠭᠠᠰᠤᠨ ᠤ ᠨᠠᠮ ᠤᠨ ︵ᠠᠵᠢᠯ ᠤᠨ︶ ᠬᠤᠷᠢᠶᠠᠨ ᠤ ᠱᠦᠵᠢ᠂ ᠲᠣᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ᠂ ᠡᠯ᠎ᠡ ᠠᠷᠠᠳ ᠤᠨ ᠪᠦᠯᠬᠦᠮ᠂ ᠲᠣᠭᠤᠷᠢᠭ ᠲᠤ ᠰᠠᠭᠤᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠲᠣᠭᠤᠷᠢᠭ ᠤᠨ ᠨᠠᠮ ᠤᠨ ᠬᠤᠷᠢᠶᠠᠨ ᠤ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ ᠡᠯ᠎ᠡ ᠬᠡᠯᠲᠡᠰ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ︵ᠰᠤᠷᠪᠤᠯᠵᠢᠯᠠᠭᠴᠢ᠄ ᠶᠠᠨ ᠢ ᠫᠸᠢ  ᠬᠢᠨᠠᠨ ᠬᠠᠷᠭᠤᠭᠤᠯᠤᠬᠰᠠᠨ ᠨᠢ  ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号