ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/4
     ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠨᠡ ᠡᠳᠦᠷ ︵6 ᠰᠠᠷ᠎ᠠ ᠶᠢᠨ 1 ᠤ    ᠡᠳᠦᠷ︶ ᠬᠤᠷᠠᠯ ᠬᠤᠷᠠᠯᠳᠤᠭᠤᠯᠵᠤ᠂ 5 ᠰᠠᠷ᠎ᠠ ᠶᠢᠨ 27 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃
     ᠬᠤᠷᠠᠯ ᠠᠴᠠ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠠᠵᠤ ᠠᠬᠤᠶᠢᠯᠠᠯ ᠪᠣᠯᠤᠨ ᠲᠤᠰᠬᠠᠶ ᠮᠡᠷᠭᠡᠵᠢᠯᠳᠡᠳ ᠤᠨ ᠶᠠᠷᠢᠯᠴᠠᠬᠤ ᠬᠤᠷᠠᠯ ᠲᠡᠭᠡᠷᠡᠬᠢ ᠴᠢᠬᠤᠯᠠ ᠶᠠᠷᠢᠶ᠎ᠠ᠂ ᠱᠠᠨᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ ᠡᠷᠡᠰ ᠭᠤᠶᠢᠪᠢᠰᠢ ᠥᠬᠡᠶ ᠪᠠᠷ ᠬᠠᠮᠤᠭ ᠤᠨ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠭᠤᠤᠯ ᠠᠵᠢᠯ ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠩ ᠤᠬᠠᠮᠰᠠᠷ ᠠᠴᠠ ᠪᠠᠨ ᠪᠥᠬᠦ ᠲᠠᠯ᠎ᠠ ᠠᠴᠠ ᠪᠤᠳᠤᠯᠬᠢᠯᠠᠵᠤ ᠨᠢᠭᠡ ᠣᠷᠣᠨ ᠪᠦᠰᠡ ᠶᠢ ᠲᠦᠯᠦᠪᠵᠢᠬᠦᠯᠵᠦ᠂ ᠨᠢᠭᠡ ᠣᠷᠣᠨ ᠪᠦᠰᠡ ᠪᠠᠷ ᠪᠥᠬᠦ ᠲᠠᠯ᠎ᠠ ᠳᠤ ᠦᠶᠯᠡᠴᠢᠯᠡᠬᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠭ᠎ᠠ ᠪᠦᠬᠦᠨ ᠢ ᠰᠦᠪᠡᠭᠴᠢᠯᠡᠵᠦ ᠨᠢᠭᠡ ᠪᠦᠯᠦᠭ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠠᠪᠴᠤ᠂ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ ᠶᠢ ᠬᠦᠲᠦᠯᠦᠨ ᠳᠠᠭᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠬᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠨ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠭᠡᠨ ᠪᠤᠶᠢᠵᠢᠭᠤᠯᠤᠨ ᠬᠥᠭᠵᠢᠭᠦᠯᠬᠦ ᠬᠡᠷᠡᠭᠲᠡᠢ᠃ ᠤᠯᠤᠰ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠡᠩ ᠰᠠᠶᠢᠲᠤᠷ ᠦᠢᠯᠡᠴᠢᠯᠡᠬᠦ ᠪᠠ ᠠᠭᠤᠰᠤᠯᠴᠠᠭᠤᠯᠵᠤ᠂ ᠭᠠᠳᠠᠨᠠᠬᠢ ᠬᠦᠴᠦᠨ ᠢ ᠠᠰᠢᠭᠯᠠᠨ ᠬᠥᠭᠵᠢᠭᠦᠯᠬᠦ ᠶᠢ ᠨᠡᠩ ᠰᠠᠶᠢᠲᠤᠷ ᠪᠡᠶᠡᠯᠡᠭᠦᠯᠬᠦ ᠬᠡᠷᠡᠭᠲᠡᠢ᠃ ︽ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠲᠤᠯᠭᠠᠬᠤ ᠲᠣᠭᠲᠠᠭᠠᠯ ︵ᠲᠤᠷᠰᠢᠨ    ᠬᠡᠷᠡᠭᠵᠢᠭᠦᠯᠬᠦ︶︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠨ ᠨᠠᠷᠢᠯᠢᠭ ᠠᠳᠬᠤᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ  ᠃      ᠬᠤᠷᠠᠯ ᠠᠴᠠ᠂ ᠪᠦᠬᠦ ᠲᠤᠭᠤᠷᠢᠭ ᠳᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠠᠵᠢᠯ ᠣᠯᠭᠤᠯᠲᠠ ᠶᠢᠨ ᠠᠵᠢᠯ ᠢ ᠰᠠᠶᠢᠲᠤᠷ ᠬᠢᠬᠦ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ ᠪᠣᠯᠤᠨ ᠪᠦᠲᠦᠭᠡᠯᠴᠢ ᠴᠢᠨᠠᠷ ᠢᠶᠠᠨ ᠴᠢᠨᠠᠭᠰᠢᠳᠠ ᠴᠢᠩᠭᠠᠳᠬᠠᠵᠤ᠂ ᠠᠵᠢᠯ ᠣᠯᠭᠤᠯᠲᠠ ᠶᠢ ᠠᠬᠢᠭᠤᠯᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠡᠯ᠎ᠡ ᠵᠦᠢᠯ ᠤᠨ ᠠᠵᠢᠯ ᠣᠯᠭᠤᠯᠲᠠ ᠶᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠠᠯᠳᠠᠭᠰᠠᠳ᠂ ᠬᠥᠯᠥᠰᠥᠨ ᠲᠠᠷᠢᠶᠠᠴᠢᠨ ᠵᠡᠷᠭᠡ ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠰᠢᠨ᠎ᠡ ᠶᠢ ᠡᠭᠦᠳᠴᠦ ᠦᠢᠯᠡᠰ ᠪᠤᠰᠬᠠᠬᠤ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠬᠡᠪᠴᠢᠶᠡᠵᠢᠯ ᠤᠨ ᠴᠢᠨᠠᠷᠲᠠᠢ ᠠᠵᠢᠯ ᠠᠯᠳᠠᠬᠤ ᠠᠶᠤᠯ ᠲᠦᠭᠰᠢᠭᠦᠷᠢ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠲᠤ ᠰᠠᠬᠢᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢᠨ ᠲᠣᠭᠲᠠᠭᠤᠨ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠰᠤᠷᠪᠤᠯᠵᠢᠯᠠᠭᠴᠢ᠄ ᠰᠢᠶᠤᠤ ᠯᠢ ᠶᠢᠩ   ᠬᠢᠨᠠᠨ ᠬᠠᠷᠭᠤᠭᠤᠯᠤᠬᠰᠠᠨ ᠨᠢ᠄ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶  
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号