ᠬᠥᠨᠳᠡᠯᠡᠨ ᠲᠣᠭᠤᠷᠢᠭ ᠪᠦᠬᠦ ᠬᠦᠴᠦᠨ ᠢᠶᠠᠷ ᠤᠯᠤᠰ ᠤᠨ ᠨᠢᠭᠡᠳᠦᠯᠳᠡᠢ ᠰᠢᠯᠭᠠᠯᠲᠠ ᠶᠢᠨ ᠠᠮᠤᠷ ᠲᠦᠪᠰᠢᠨ  ᠢ  ᠪᠠᠲᠤᠯᠠᠪᠠ
ᠨᠡᠶᠢᠲᠡᠯᠡᠭᠰᠡᠨ ᠴᠠᠭ᠄
2024/6/7
     ᠨᠢᠭᠡ ᠳᠤ᠂ ᠬᠤᠷᠢᠭ᠎ᠠ ᠱᠤᠭᠤᠮ ᠤᠨ ᠰᠡᠳᠬᠢᠬᠦᠶ ᠶᠢ ᠪᠣᠶ ᠪᠣᠯᠭᠠᠵᠤ᠂ ᠠᠮᠤᠷ ᠲᠦᠪᠰᠢᠨ ᠤ ᠪᠠᠲᠤᠯᠠᠭ᠎ᠠ ᠶᠢ ᠰᠠᠶᠢᠲᠤᠷ ᠬᠢᠪᠡ᠃ ᠰᠢᠯᠭᠠᠯᠲᠠ ᠶᠢᠨ ᠠᠵᠢᠯ ᠢ ᠨᠢᠭᠡᠳᠦᠯᠲᠡᠶ ᠲᠦᠯᠦᠪᠵᠢᠬᠦᠯᠦᠨ ᠰᠠᠶᠢᠲᠤᠷ ᠬᠢᠵᠦ᠂ ᠰᠢᠯᠭᠠᠯᠲᠠ ︵ᠬᠠᠷᠢᠭᠤᠯᠲᠠ︶ ᠶᠢᠨ ᠬᠠᠭᠤᠳᠠᠰᠤ ᠶᠢ ᠲᠡᠭᠡᠭᠡᠪᠦᠷᠢᠯᠡᠨ ᠬᠦᠷᠭᠡᠬᠦ᠂ ᠬᠠᠳᠠᠭᠠᠯᠠᠨ ᠬᠠᠮᠢᠶᠠᠷᠬᠤ᠂ ᠬᠡᠷᠡᠭᠯᠡᠬᠦ᠂    ᠲᠤᠰᠢᠶᠠᠬᠤ ᠪᠠ ᠭᠥᠯᠢᠶᠡᠨ ᠠᠪᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠨᠠᠷᠢᠯᠢᠭᠵᠢᠭᠤᠯᠤᠨ᠂ ᠵᠠᠪᠰᠠᠷ ᠥᠬᠡᠶ ᠵᠠᠯᠭᠠᠯᠳᠤᠭᠤᠯᠬᠤ᠂ ᠬᠢᠨᠠᠨ ᠡᠵᠡᠮᠳᠡᠬᠦ ᠳᠤ ᠥᠨᠴᠥᠭ ᠪᠤᠯᠤᠩ ᠦᠯᠡᠳᠡᠬᠡᠬᠦ ᠥᠬᠡᠶ ᠪᠠᠶᠢᠬᠤ ᠶᠢ ᠪᠡᠶᠡᠯᠡᠭᠦᠯᠵᠦ᠂ ᠰᠢᠯᠭᠠᠯᠲᠠ ᠶᠢᠨ ᠰᠡᠳᠦᠪ ᠤᠨ ᠠᠮᠤᠷ ᠲᠦᠪᠰᠢᠨ ᠢ ᠦᠨᠡᠨᠬᠦ ᠪᠠᠲᠤᠯᠠᠪᠠ᠃ ᠬᠤᠶᠠᠷ ᠲᠤ᠂ ᠮᠡᠷᠭᠡᠵᠢᠯ ᠢᠶᠠᠷ    ᠰᠡᠷᠭᠡᠶᠢᠯᠡᠬᠦ ᠪᠠ ᠬᠥᠮᠦᠨ ᠢᠶᠠᠷ ᠰᠡᠷᠭᠡᠶᠢᠯᠡᠬᠦ ᠶᠢ ᠤᠶᠠᠯᠳᠤᠭᠤᠯᠵᠤ᠂ ᠰᠢᠯᠭᠠᠯᠲᠠ ᠶᠢᠨ ᠶᠠᠪᠤᠳᠠᠯ ᠤᠨ ᠪᠠᠲᠤᠯᠠᠭ᠎ᠠ ᠶᠢ ᠰᠠᠶᠢᠲᠤᠷ    ᠬᠢᠪᠠ᠃ 13 ᠰᠢᠯᠭᠠᠯᠲᠠ ᠶᠢᠨ ᠲᠠᠯᠠᠪᠤᠷ ᠤᠨ ︽ᠤᠶᠤᠨᠲᠤ ᠠᠮᠤᠷ ᠲᠦᠪᠰᠢᠨ ᠤ ᠪᠠᠶᠢᠴᠠᠭᠠᠯᠲᠠ ᠶᠢᠨ ᠡᠭᠦᠳᠡ︾ ᠶᠢ ᠲᠣᠬᠢᠷᠠᠭᠤᠯᠬᠤ ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ 144 ᠰᠢᠯᠭᠠᠯᠲᠠ ᠶᠢᠨ ᠲᠠᠯᠠᠪᠤᠷ ᠢ ᠸᠢᠳᠢᠤ᠋ ᠪᠠᠷ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠶᠢᠨ ᠰᠢᠰᠲ᠋ᠧᠮ ᠢᠶᠠᠷ ᠰᠢᠯᠭᠠᠨ ᠦᠵᠡᠵᠦ᠂ ᠰᠢᠯᠭᠠᠯᠲᠠ ᠶᠢᠨ ᠲᠠᠯᠠᠪᠤᠷ ᠤᠨ ᠳᠦᠷᠰᠦ ᠰᠢᠩᠭᠡᠭᠡᠯᠲᠡ ᠶᠢ ᠬᠠᠭᠠᠰ ᠵᠢᠯ ᠬᠠᠳᠠᠭᠠᠯᠠᠬᠤ ᠶᠢ ᠦᠨᠡᠨ ᠬᠦ ᠪᠠᠲᠤᠯᠠᠨ᠎ᠠ᠃ 550 ᠨᠡᠷᠡᠰ ᠰᠢᠯᠭᠠᠯᠲᠠ ᠶᠢᠨ ᠶᠠᠪᠤᠳᠠᠯ ᠤᠨ ᠠᠵᠢᠯᠲᠠᠨ ᠢ ᠨᠢᠭᠡᠳᠦᠯᠲᠡᠶ ᠲᠦᠯᠦᠪᠵᠢᠬᠦᠯᠦᠨ ᠲᠣᠬᠢᠷᠠᠭᠤᠯᠵᠤ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠤᠨ᠂ ᠰᠢᠯᠭᠠᠯᠲᠠ ᠲᠠᠷᠬᠠᠭᠠᠬᠤ᠂ ᠰᠢᠯᠭᠠᠯᠲᠠ ᠬᠤᠷᠢᠶᠠᠬᠤ ᠵᠡᠷᠭᠡ ᠰᠢᠯᠭᠠᠯᠲᠠ ᠶᠢᠨ ᠶᠠᠪᠤᠴᠠ ᠶᠢᠨ ᠵᠥᠪ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠪᠠ᠃ ᠭᠤᠷᠪᠠ ᠳᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠰᠡᠳᠬᠢᠯ ᠢ ᠳᠤᠯᠠᠭᠠᠴᠠᠭᠤᠯᠬᠤ ᠪᠠᠲᠤᠯᠠᠭ᠎ᠠ ᠶᠢ ᠰᠠᠶᠢᠲᠤᠷ ᠬᠢᠪᠡ᠃ ᠡᠯ᠎ᠡ ᠰᠢᠯᠭᠠᠯᠲᠠ ᠶᠢᠨ ᠴᠡᠭ ᠲᠤ 2 ᠡᠮᠨᠡᠯᠭᠡ ᠶᠢᠨ ᠠᠵᠢᠯᠲᠠᠨ ᠢ ᠲᠣᠬᠢᠷᠠᠭᠤᠯᠵᠤ᠂ ᠰᠢᠯᠭᠠᠭᠤᠯᠤᠭᠴᠢ ᠳᠤ ᠰᠦᠶᠳᠬᠡᠯ ᠬᠤᠷᠢᠶᠠᠬᠤ ᠥᠬᠡᠶ ᠪᠠᠷ ᠡᠮᠨᠡᠨ ᠠᠪᠤᠷᠬᠠᠤ ᠦᠶᠯᠡᠴᠢᠯᠡᠭᠡ ᠵᠢᠴᠢ ᠰᠡᠳᠬᠢᠴᠡ ᠶᠢᠨ ᠡᠷᠡᠭᠦᠯ ᠮᠡᠨᠳᠦ ᠶᠢᠨ ᠵᠥᠪᠯᠡᠯᠭᠡ ᠬᠠᠩᠭᠠᠪᠠ︔ 40 ᠭᠠᠷᠤᠶ ᠠᠷᠠᠳ ᠤᠨ ᠴᠠᠭᠳᠠᠭ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢ ᠲᠣᠬᠢᠷᠠᠭᠤᠯᠵᠤ ᠰᠢᠯᠭᠠᠯᠲᠠ ᠶᠢᠨ ᠲᠠᠯᠠᠪᠠᠶ ᠶᠢᠨ ᠡᠷᠬᠢᠨ ᠲᠣᠭᠤᠷᠢᠨ ᠳᠤ ᠠᠮᠤᠷ ᠢ ᠬᠠᠮᠠᠭᠠᠯᠠᠬᠤ ᠡᠮᠬᠢ ᠲᠢᠭᠯᠢᠮ ᠢ ᠬᠠᠮᠠᠭᠠᠯᠠᠵᠤ᠂ ᠰᠢᠯᠭᠠᠭᠤᠯᠤᠭᠴᠢ ᠶᠢ ᠠᠭᠤᠵᠢᠭᠤ ᠲᠠᠯᠪᠢᠭᠤ ᠪᠠᠷ ᠰᠢᠯᠭᠠᠯᠲᠠ ᠳᠤ ᠣᠷᠣᠯᠴᠠᠭᠤᠯᠪᠠ᠃ ︵ᠰᠤᠷᠭᠠᠨ ᠬᠥᠮᠦᠵᠢᠯ ᠤᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号