4 ᠰᠠᠷ᠎ᠠ ᠶᠢᠨ 15 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ ᠬᠥᠨᠳᠡᠯᠡᠨ ᠲᠣᠭᠤᠷᠢᠭ ᠬᠤᠭᠤᠯᠠᠨ ᠭᠡᠷ ᠤᠨ ᠬᠤᠭ ᠨᠣᠪᠰᠢ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/7
     ᠨᠢᠭᠡ ᠳᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠪᠠ᠃ ᠡᠵᠩᠨᠡᠯᠲᠡ ᠶᠢᠨ ᠡᠷᠦᠬᠡ ᠥᠪᠡᠷ ᠥᠪᠡᠷ ᠤᠨ ᠡᠵᠡᠩᠨᠡᠵᠦ ᠪᠤᠢ ᠪᠤᠯᠤᠬᠰᠠᠨ ᠲᠣᠭᠤᠭᠠᠨ ᠭᠡᠷ ᠤᠨ ᠬᠤᠭ ᠨᠣᠪᠰᠢ ᠪᠠᠨ ᠲᠣᠭᠲᠠᠭᠠᠯ ᠶᠣᠰᠣᠭᠠᠷ ᠰᠢᠶᠳᠪᠦᠷᠢᠯᠡᠬᠦ ᠶᠢ ᠱᠠᠭᠠᠷᠳᠠᠭᠰᠠᠨ ᠪᠥᠭᠡᠳ 1300 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ ᠬᠤᠶᠠᠷ ᠲᠤ᠂ ᠡᠷᠦᠬᠡ ᠳᠤ ᠣᠷᠣᠵᠤ ᠰᠤᠷᠭᠠᠨ ᠬᠥᠮᠦᠵᠢᠭᠦᠯᠵᠦ ᠵᠢᠭᠠᠨ ᠵᠢᠯᠤᠭᠤᠳᠪᠠ᠃ ᠬᠠᠤᠯᠢ ᠬᠡᠷᠡᠭᠵᠢᠭᠦᠯᠬᠦ ᠠᠵᠢᠯᠲᠠᠨ ᠡᠷᠦᠬᠡ ᠳᠤ ᠣᠷᠣᠵᠤ ᠢᠳᠡᠭᠡᠨ ᠤᠮᠳᠠᠭᠠᠨ ᠤ ᠬᠤᠭᠤᠯᠠᠨ ᠭᠡᠷ ᠢ ᠬᠥᠲᠥᠯᠥᠨ ᠵᠢᠯᠣᠭᠤᠳᠴᠤ ᠬᠤᠭᠤᠯᠠᠨ ᠭᠡᠷ ᠤᠨ ᠬᠤᠭ ᠨᠣᠪᠰᠢ ᠴᠤᠭᠯᠠᠭᠤᠯᠬᠤ ᠰᠠᠪᠠ ᠶᠢ ᠵᠢᠷᠤᠮᠵᠢᠭᠤᠯᠤᠨ ᠲᠠᠯᠪᠢᠵᠤ᠂ ᠬᠤᠭᠤᠯᠠᠨ ᠭᠡᠷ ᠤᠨ ᠪᠣᠬᠢᠷ ᠤᠰᠤ ᠶᠢ ᠳᠤᠷ᠎ᠠ ᠪᠠᠷ ᠢᠶᠠᠨ ᠴᠢᠳᠬᠤᠬᠤ ᠶᠢ ᠴᠢᠩᠭ᠎ᠠ ᠴᠠᠭᠠᠵᠠᠯᠠᠵᠤ᠂ ᠢᠳᠡᠭᠡᠨ ᠤᠮᠳᠠᠭᠠᠨ ᠤ 1200 ᠭᠠᠷᠤᠶ ᠡᠵᠡᠩᠨᠡᠯᠲᠡ  ᠶᠢᠨ ᠡᠷᠦᠬᠡ ᠶᠢ ᠬᠤᠭᠤᠯᠠᠨ ᠭᠡᠷ ᠤᠨ ᠬᠤᠭ ᠨᠣᠪᠰᠢ ᠶᠢᠨ ᠰᠠᠪᠠ ᠪᠠᠨ ᠤᠬᠢᠶᠠᠨ ᠴᠡᠪᠡᠷᠯᠡᠬᠦ   ᠶᠢ ᠱᠠᠭᠠᠷᠳᠠᠪᠠ᠃ ᠭᠤᠷᠪᠠ ᠳᠤ᠂ ᠰᠥᠨᠢ ᠶᠢᠨ ᠵᠢᠵᠢᠭᠦᠷ ᠢ ᠴᠢᠩᠭᠠᠳᠬᠠᠪᠠ᠃ ᠴᠡᠭ ᠲᠣᠭᠲᠠᠭᠠᠨ ᠬᠢᠨᠠᠨ ᠡᠵᠡᠮᠳᠡᠬᠦ ᠪᠠ ᠵᠠᠮ ᠲᠠᠭᠠᠤ ᠬᠦᠳᠡᠯᠦᠩᠬᠦᠢ ᠪᠠᠷ ᠲᠣᠭᠤᠷᠢᠨ ᠪᠠᠶᠢᠴᠠᠭᠠᠬᠤ ᠶᠢ ᠤᠶᠠᠯᠳᠤᠭᠤᠯᠬᠤ ᠬᠡᠯᠪᠡᠷᠢ ᠪᠠᠷ ᠳᠠᠮᠵᠢᠭᠤᠯᠤᠨ ᠰᠥᠨᠢ ᠶᠢᠨ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠪᠡ᠃ ᠣᠲᠣ ᠪᠣᠯᠲᠠᠯ᠎ᠠ᠂ ᠰᠥᠨᠢ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 30 ᠭᠠᠷᠤᠶ ᠤᠳᠠᠭ᠎ᠠ ᠥᠷᠨᠢᠭᠦᠯᠵᠦ᠂ 4 ᠤᠳᠠᠭ᠎ᠠ ᠡᠵᠡᠩᠨᠡᠯᠲᠡ ᠶᠢᠨ ᠡᠷᠦᠬᠡ ᠳᠤ ᠵᠠᠰᠠᠭ ᠵᠠᠬᠢᠷᠭᠠᠨ ᠤ ᠰᠢᠢᠳᠬᠡᠯ ᠥᠭᠴᠦ᠂ 1 ᠤᠳᠠᠭ᠎ᠠ ᠬᠥᠮᠦᠵᠢᠯ ᠬᠢᠵᠦ ᠴᠡᠭᠴᠡᠯᠡᠨ ᠰᠠᠶᠢᠵᠢᠷᠠᠭᠤᠯᠪᠠ᠃ ︵ᠬᠠᠤᠯᠢ ᠬᠡᠷᠡᠭᠵᠢᠭᠦᠯᠬᠦ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号