2024 ᠣᠨ ᠤ 5 — 6 ᠳ᠋ᠤᠭᠠᠷ ᠰᠠᠷ᠎ᠠ ᠶᠢᠨ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠮᠤ ᠬᠡᠷᠡᠭ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/7/15
ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠮᠤ ᠬᠡᠷᠡᠭ ᠶᠠᠪᠤᠳᠠᠯ ᠤᠨ ᠲᠡᠮᠳᠡᠭᠯᠡᠯ                ︵2024 ᠣᠨ ᠤ 5 — 6 ᠰᠠᠷ᠎ᠠ  ︶      5 ᠰᠠᠷ᠎ᠠ ᠶᠢᠨ 7 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠢ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠲᠠᠪᠤᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠸᠠᠩ ᠸᠧᠢ᠂ ᠵᠠᠩ ᠵᠢᠶᠠ ᠯᠢ᠂ ᠵᠠᠩ ᠬᠤᠸᠠ᠂ ᠦ᠋ ᠱᠧᠨ ᠮᠦᠸᠧ᠂ ᠶᠠᠩ ᠶᠦᠩ᠂ ᠸᠠᠩ ᠰᠢᠤ ᠵᠢᠤᠸᠠᠨ᠂ ᠯᠢ ᠬᠤᠩ ᠢᠦᠢ᠂ ᠵᠧᠦ ᠬᠠᠢ ᠹᠸᠢ᠂ ᠯᠢ ᠸᠧᠢ ᠬᠤᠷᠠᠯ ᠳᠤ ᠣᠷᠣᠯᠴᠠᠪᠠ᠃ ᠬᠤᠷᠠᠯ ᠠᠴᠠ ᠲᠤᠭᠤᠷᠢᠭ ᠤᠨ ᠵᠠᠰᠠᠭ ᠤᠨ ᠣᠷᠳᠣᠨ ᠤ ᠬᠡᠰᠡᠭ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠳᠤ ᠲᠤᠬᠢᠷᠠᠭᠤᠯᠤᠯᠳᠠ ᠬᠢᠬᠦ ᠶᠠᠪᠤᠳᠠᠯ ᠢ ᠰᠤᠳᠤᠯᠪᠠ︔ ᠺᠦᠨ ᠯᠦ ᠺᠣᠮᠫᠠᠨᠢ ᠶᠢᠨ ᠬᠥᠨᠳᠡᠯᠡᠨ ᠲᠣᠭᠤᠷᠢᠭ ᠤᠨ ᠬᠤᠶᠢᠲᠤ ᠬᠡᠰᠡᠭ ᠤᠨ 51 ᠳ᠋ᠤᠭᠡᠷ ᠨᠤᠮᠧᠷᠲᠦ ᠬᠡᠰᠡᠭ ᠭᠠᠵᠠᠷ ᠤᠨ ᠪᠥᠲᠥᠭᠡᠨ ᠪᠠᠶᠢᠭᠤᠯᠤᠯᠲᠠ ᠨᠡᠭᠡᠭᠡᠨ ᠬᠥᠭᠵᠢᠭᠦᠯᠦᠯᠲᠡ ᠳᠤ ᠣᠷᠣᠯᠴᠠᠬᠤ ᠬᠠᠮᠢᠶ᠎ᠠ ᠪᠥᠬᠦᠶ ᠶᠠᠪᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃     5 ᠰᠠᠷ᠎ᠠ ᠶᠢᠨ 9 ᠤ ᠡᠳᠦᠷ᠂ ᠪᠤᠭᠤᠲᠤ ᠶᠢᠨ ᠠᠨᠠᠭᠠᠬᠠᠤ ᠤᠬᠠᠭᠠᠨ ᠤ ᠳᠡᠭᠡᠳᠦ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶᠠᠨ ᠤ ᠡᠮ ᠡᠮᠨᠡᠯᠬᠡ ᠶᠢᠨ ᠪᠦᠯᠦᠭᠯᠡᠯ ᠤᠨ ᠬᠥᠨᠳᠡᠯᠡᠨ ᠲᠣᠭᠤᠷᠢᠭ ᠤᠨ ᠰᠢᠨ᠎ᠡ ᠡᠮᠨᠡᠯᠬᠡ ᠶᠢᠨ ᠬᠤᠷᠢᠶ᠎ᠠ ᠶᠢᠨ ᠲᠣᠭᠤᠷᠢᠭ ᠢ ᠠᠰᠢᠬᠯᠠᠯᠲᠠ ᠳᠤ ᠤᠷᠤᠭᠤᠯᠬᠤ ᠶᠣᠰᠣᠯᠠᠯ ᠨᠢᠭᠡᠳᠦᠭᠡᠷ ᠬᠠᠷᠢᠶᠠᠲᠤ ᠡᠮᠨᠡᠯᠬᠡ ᠶᠢᠨ ᠬᠤᠷᠢᠶ᠎ᠠ ᠶᠢᠨ ᠺᠦᠨᠪᠸᠢ ᠶᠡᠷᠦᠩᠬᠡᠶᠢᠯᠡᠭᠰᠡᠨ ᠠᠰᠠᠷ ᠲᠤ ᠶᠠᠪᠤᠭᠳᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ᠂ ᠬᠤᠲᠠ ᠶᠢᠨ ᠵᠠᠰᠠᠭ ᠤᠨ ᠣᠷᠳᠣᠨ ᠤ ᠬᠤᠳᠠ ᠶᠢᠨ ᠳᠡᠳ᠋ ᠳᠠᠷᠤᠭ᠎ᠠ ᠴᠢ ᠰᠢᠤ ᠯᠢ᠂ ᠪᠤᠭᠤᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ ᠵᠢᠶᠠ ᠶᠦᠩ ᠴᠢᠩ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠡᠤ ᠶᠠᠨ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ᠂ ᠪᠤᠭᠤᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠷᠢᠶᠠᠨ ᠳᠠᠷᠤᠭ᠎ᠠ ᠫᠸᠢ ᠬᠠᠨ ᠵᠢᠶᠦ᠋ᠨ ᠵᠢᠴᠢ ᠰᠢᠨ᠎ᠡ ᠡᠮᠨᠡᠯᠭᠡ ᠶᠢᠨ ᠬᠤᠷᠢᠶᠠᠨ ᠤ ᠲᠣᠭᠤᠷᠢᠭ ᠤᠨ ᠡᠮᠴᠢ ᠰᠤᠪᠢᠯᠠᠭᠴᠢ ᠨᠠᠷ ᠠᠰᠢᠭᠯᠠᠯᠲᠠ ᠳᠤ ᠣᠷᠣᠬᠤ ᠶᠣᠰᠣᠯᠠᠯ ᠳᠤ ᠣᠷᠣᠯᠴᠠᠪᠠ᠃ ᠢᠦᠶ ᠵᠠᠨ ᠵᠢᠶᠠᠩ ᠪᠠᠶᠠᠷ ᠤᠨ ᠦᠭᠡ ᠳᠡᠭᠡᠨ᠂ ᠪᠤᠭᠤᠲᠤ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶᠠᠨ ᠤ ᠡᠮ ᠡᠮᠨᠡᠯᠬᠡ ᠶᠢᠨ ᠪᠦᠯᠦᠭᠯᠡᠯ ᠤᠨ ᠬᠥᠨᠳᠡᠯᠡᠨ ᠲᠣᠭᠤᠷᠢᠭ ᠤᠨ ᠰᠢᠨ᠎ᠡ ᠡᠮᠨᠡᠯᠬᠡ ᠶᠢᠨ ᠬᠤᠷᠢᠶᠠᠨ ᠤ ᠲᠣᠭᠤᠷᠢᠭ ᠢ ᠵᠢᠩᠬᠢᠨᠢ ᠪᠠᠷ ᠠᠰᠢᠬᠯᠠᠯᠲᠠ ᠳᠤ ᠤᠷᠤᠭᠤᠯᠤᠬᠰᠠᠨ ᠶᠠᠪᠤᠳᠠᠯ ᠪᠣᠯ᠂ ᠬᠥᠨᠳᠡᠯᠡᠨ ᠲᠣᠭᠤᠷᠢᠭ ᠤᠨ ᠣᠯᠠᠨ ᠲᠦᠮᠡᠨ ᠤ ᠣᠯᠠᠨ ᠡᠰᠢᠵᠢᠭᠰᠡᠨ ᠡᠮᠴᠢᠯᠡᠭᠡᠨ ᠤ ᠦᠶᠯᠡᠴᠢᠯᠡᠭᠡ ᠶᠢᠨ ᠬᠡᠷᠡᠭᠴᠡᠭᠡ ᠳᠤ ᠰᠠᠭᠤᠷᠢᠯᠠᠵᠤ᠂ ᠡᠮ ᠡᠮᠨᠡᠯᠬᠡ ᠶᠢᠨ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠭᠰᠠᠨ ᠨᠢᠭᠡ ᠤᠳᠠᠭᠠᠨ ᠤ ᠠᠮᠢᠳᠤᠯᠢᠭ ᠦᠶᠯᠡᠳᠦᠯᠭᠡ ᠪᠣᠯᠬᠤ ᠪᠥᠭᠡᠳ ᠪᠠᠰᠠ ᠬᠥᠨᠳᠡᠯᠡᠨ ᠲᠣᠭᠤᠷᠢᠭ ᠤᠨ ᠨᠢᠭᠲᠠᠷᠬᠠᠰᠠᠨ ᠬᠡᠯᠪᠡᠷᠢ ᠶᠢᠨ ᠡᠮ ᠡᠮᠨᠡᠯᠬᠡ ᠶᠢᠨ ᠪᠦᠯᠦᠭᠯᠡᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠭᠠᠷᠤᠭ᠎ᠠ ᠪᠣᠯᠤᠨ᠎ᠠ᠃ ᠬᠤᠶᠢᠰᠢᠳᠠ᠂ ᠬᠥᠨᠳᠡᠯᠡᠨ ᠲᠣᠭᠤᠷᠢᠭ ᠥᠩᠭᠡᠷᠡᠭᠰᠡᠨ ᠲᠠᠢ ᠪᠠᠨ ᠠᠳᠠᠯᠢ ᠪᠠᠷ ᠡᠮᠨᠡᠯᠭᠡ ᠶᠢᠨ ᠬᠤᠷᠢᠶᠠᠨ ᠤ ᠬᠥᠭᠵᠢᠯᠲᠡ᠂ ᠡᠮ ᠡᠮᠨᠡᠯᠬᠡ ᠶᠢᠨ ᠪᠦᠯᠦᠭᠯᠡᠯ ᠤᠨ ᠪᠠᠶᠢᠭᠤᠯᠤᠯᠲᠠ ᠳᠤ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠵᠤ᠂ ᠰᠢᠨᠵᠢᠯᠡᠭᠡᠨ ᠤ ᠰᠠᠯᠠᠭᠠᠨ ᠤ ᠪᠠᠶᠢᠭᠤᠯᠤᠯᠲᠠ᠂ ᠴᠢᠳᠠᠪᠤᠷᠢᠲᠠᠨ ᠢ    ᠬᠥᠮᠦᠵᠢᠭᠦᠯᠬᠦ᠂ ᠡᠷᠡᠬᠦᠯ ᠮᠡᠨᠲᠦ ᠨᠠᠰᠤᠵᠢᠯ ᠤᠨ ᠠᠰᠠᠷᠠᠮᠵᠢ ᠶᠢᠨ ᠬᠥᠭᠵᠢᠯᠲᠡ ᠵᠡᠷᠭᠡ ᠬᠦᠷᠢᠶᠡᠨ ᠳᠤ ᠪᠦᠬᠦ ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠵᠦ᠂ ᠬᠠᠮᠲᠤ ᠪᠠᠷ ᠴᠢᠷᠮᠠᠶᠢᠵᠤ ᠰᠢᠨ᠎ᠡ ᠡᠮᠨᠡᠯᠬᠡ  ᠶᠢᠨ ᠬᠤᠷᠢᠶᠠᠨ ᠤ ᠲᠣᠭᠤᠷᠢᠭ ᠢ ᠪᠦᠬᠦ ᠬᠤᠳᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠪᠣᠯᠭᠠᠨ ᠪᠠᠶᠢᠭᠤᠯᠵᠤ᠂ ᠪᠤᠭᠤᠲᠤ ᠬᠤᠳᠠ ᠶᠢᠨ ᠡᠮ ᠡᠮᠨᠡᠯᠬᠡ ᠶᠢᠨ ᠥᠨᠳᠦᠷᠯᠢᠭ ᠢ ᠴᠣᠭᠴᠠᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠣᠯᠤᠨ᠎ᠠ ᠭᠡᠵᠦ ᠢᠯᠡᠷᠬᠡᠶᠢᠯᠡᠪᠡ᠃      5 ᠰᠠᠷ᠎ᠠ ᠶᠢᠨ 27 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠸᠠᠩ ᠸᠧᠶ᠂ ᠵᠠᠩ ᠬᠤᠸᠠ᠂ ᠡᠤ ᠱᠧᠨ ᠮᠦᠸᠧ᠂ ᠶᠠᠩ ᠶᠦᠩ᠂ ᠸᠠᠩ ᠰᠢᠤ ᠵᠢᠤᠸᠠᠨ᠂ ᠯᠢ ᠬᠤᠩ ᠢᠦᠶ᠂ ᠶᠠᠩ ᠶᠠᠩ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠠᠵᠤ ᠠᠬᠤᠶᠢᠯᠠᠯ ᠪᠠ ᠲᠤᠰᠬᠠᠶ ᠮᠡᠷᠭᠡᠵᠢᠯᠳᠡᠳ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢᠨ ᠬᠠᠮᠲᠤ ᠵᠠᠰᠠᠭ ᠤᠨ ᠣᠷᠳᠣᠨ ᠤ ᠰᠢᠰᠲ᠋ᠧᠮ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠵᠢᠭᠤᠯᠴᠢᠯᠠᠯ ᠤᠨ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠢᠴᠢᠭ ᠢᠶᠠᠷ ᠤᠯᠠᠮᠵᠢᠯᠠᠨ ᠰᠤᠷᠤᠯᠴᠠᠪᠠ︔ ︽ᠤᠵᠢᠭ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠤᠯᠤᠰ ᠤᠨ ᠵᠢᠱᠢᠶ᠎ᠡ ᠦᠵᠡᠭᠦᠯᠬᠦ ᠲᠣᠭᠤᠷᠢᠭ ᠢ ᠪᠥᠲᠥᠭᠡᠨ ᠪᠠᠶᠢᠭᠤᠯᠬᠤ ᠲᠤᠬᠠᠢ ᠬᠥᠨᠳᠡᠯᠡᠨ ᠲᠣᠭᠤᠷᠢᠭ ᠤᠨ ᠬᠡᠷᠡᠭᠵᠢᠭᠦᠯᠬᠦ ᠲᠥᠰᠦᠯ ︵ᠬᠦᠷᠬᠡᠨ ᠬᠢᠨᠠᠭᠤᠯᠬᠤ ᠨᠤᠤᠷᠠᠭ︶︾᠂ ︽ᠪᠥᠬᠦ ᠤᠯᠤᠰ ᠤᠨ ︿ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ ᠤᠨ ᠲᠤᠷᠰᠢᠯᠲᠠ ᠶᠢᠨ ᠲᠣᠭᠤᠷᠢᠭ﹀ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠲᠤᠬᠠᠶ ᠬᠥᠨᠳᠡᠯᠡᠨ ᠲᠣᠭᠤᠷᠢᠭ ᠤᠨ ᠬᠡᠷᠡᠭᠵᠢᠭᠦᠯᠬᠦ ᠲᠥᠰᠦᠯ ︵ᠬᠦᠷᠬᠡᠨ ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠪᠠᠭᠰᠢ ᠶᠢ ︿ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠨ ᠬᠡᠷᠡᠭᠯᠡᠬᠦ﹀ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ ︵ᠬᠦᠷᠬᠡᠨ ᠬᠢᠨᠠᠭᠤᠯᠬᠤ ᠨᠤᠤᠷᠠᠭ︶ ᠢ ᠰᠤᠳᠤᠯᠵᠤ ᠬᠢᠨᠠᠨ ᠵᠥᠪᠯᠡᠪᠡ︔ ᠬᠥᠨᠳᠡᠯᠡᠨ ᠲᠣᠭᠤᠷᠢᠭ ᠤᠨ ᠬᠦᠯᠦᠰᠦᠨ ᠮᠠᠯᠴᠢᠨ ᠲᠠᠷᠢᠶᠠᠴᠢᠳ ᠤᠨ ᠴᠠᠯᠢᠩ ᠢ ᠦᠭᠬᠦ ᠶᠢ ᠪᠠᠲᠤᠯᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠵᠢᠴᠢ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠤᠬᠰᠠᠨ᠂ ᠬᠥᠨᠳᠡᠯᠡᠨ ᠲᠣᠭᠤᠷᠢᠭ ᠤᠨ ᠢᠳᠡᠭᠡᠨ ᠪᠠ ᠡᠮ ᠤᠨ ᠵᠦᠶᠯᠡᠰ ᠤᠨ ᠠᠮᠤᠷ ᠲᠦᠪᠰᠢᠨ ᠤ ᠬᠠᠮᠢᠶ᠎ᠠ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠵᠢᠴᠢ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠤᠬᠰᠠᠨ᠂ ᠬᠥᠨᠳᠡᠯᠡᠨ ᠲᠣᠭᠤᠷᠢᠭ ᠤᠨ ᠠᠶᠤᠯᠬᠦᠢ ᠦᠶᠯᠡᠳᠪᠦᠷᠢᠯᠡᠯ ᠤᠨ ᠬᠡᠮ ᠰᠤᠭᠤᠭ ᠢ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠵᠢᠴᠢ ᠭᠠᠯ ᠢ ᠰᠡᠷᠬᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠤᠭᠤᠭ ᠢ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠵᠢᠴᠢ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠤᠬᠰᠠᠨ᠂ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠢᠲᠡᠭᠡᠮᠵᠢ ᠶᠢᠨ ᠲᠠᠰ ᠢ ᠲᠤᠬᠳᠠᠭᠠᠬᠰᠠᠨ ᠡᠳ᠋ ᠬᠥᠷᠥᠩᠭᠡ ᠶᠢ ᠬᠤᠪᠢᠶᠠᠷᠢᠯᠠᠨ ᠰᠢᠯᠵᠢᠭᠦᠯᠦᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠵᠢᠩ ᠰᠠᠨ ᠵᠠᠮ ᠤᠨ ᠬᠤᠶᠢᠲᠤ ᠬᠡᠰᠡᠭ ᠤᠨ ᠵᠠᠮ ᠵᠢᠴᠢ ᠢᠵᠢ ᠪᠥᠷᠢᠳᠦᠭᠦᠯᠬᠦ ᠲᠤᠨᠤᠭ ᠲᠦᠬᠦᠭᠡᠷᠦᠮᠵᠢ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠬᠡᠰᠡᠭ ᠴᠢᠬᠤᠯᠠ ᠶᠡᠭᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠰᠢᠶᠳᠪᠦᠷᠢᠯᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃      6 ᠰᠠᠷ᠎ᠠ ᠶᠢᠨ 3 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠶ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠢᠦᠶ ᠷᠦᠢ ᠴᠢᠩ᠂ ᠵᠠᠩ ᠵᠢᠶᠠ ᠯᠢ᠂ ᠭᠤᠤ ᠢᠦᠶ ᠫᠦ᠋᠂ ᠵᠠᠩ ᠬᠤᠸᠠ᠂ ᠡᠤ ᠱᠧᠨ ᠮᠦᠸᠧ᠂ ᠶᠠᠩ ᠶᠦᠩ᠂ ᠸᠠᠩ ᠰᠢᠤ ᠵᠢᠤᠸᠠᠨ᠂ ᠯᠢ ᠬᠤᠩ ᠢᠦᠶ᠂ ᠵᠧᠤ ᠬᠠᠶ ᠹᠸᠢ᠂ ᠯᠢ ᠸᠧᠶ ᠬᠤᠷᠠᠯ ᠳᠤ ᠣᠷᠣᠯᠴᠠᠪᠠ᠃ ᠬᠤᠷᠠᠯ ᠠᠴᠠ 5 ᠰᠠᠷ᠎ᠠ ᠶᠢᠨ 27 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮ︾ ᠢ ᠪᠢᠴᠢᠭ ᠢᠶᠠᠷ ᠤᠯᠠᠮᠵᠢᠯᠠᠨ ᠰᠤᠷᠤᠯᠴᠠᠪᠠ︔ ︽ᠬᠥᠨᠳᠡᠯᠡᠨ ᠲᠣᠭᠤᠷᠢᠭ ᠤᠨ ᠲᠤᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠳᠡᠯᠮᠦᠷᠢ ᠬᠦᠴᠦᠨ ᠬᠡᠷᠡᠭᠯᠡᠬᠦ ᠪᠠ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠤᠨ ᠥᠭᠡᠷᠡᠴᠢᠯᠡᠯᠲᠡ ᠶᠢᠨ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶ ︵ᠬᠦᠷᠭᠡᠨ ᠬᠢᠨᠠᠭᠤᠯᠬᠤ ᠨᠤᠤᠷᠠᠭ︶︾  ᠂ ︽ᠬᠥᠨᠳᠡᠯᠡᠨ ᠲᠣᠭᠤᠷᠢᠭ ᠤᠨ 2024 ᠣᠨ ᠤ ᠵᠠᠰᠠᠭ ᠤᠨ ᠣᠷᠳᠣᠨ ᠤ ᠲᠤᠰᠬᠠᠢ ᠲᠤᠰᠢᠶᠠᠯᠳᠦ ᠭᠠᠯ ᠤᠨᠲᠠᠷᠠᠭᠠᠭᠴᠢ ᠶᠢ ᠲᠤᠰᠬᠠᠢ ᠵᠦᠢᠯ ᠢᠶᠠᠷ ᠤᠨᠴᠠᠭᠠᠶᠢᠯᠠᠨ ᠡᠯᠰᠡᠬᠦ ᠲᠥᠰᠦᠯ ︵ᠬᠦᠷᠬᠡᠨ ᠬᠢᠨᠠᠭᠤᠯᠬᠤ       ᠨᠤᠤᠷᠠᠭ︶︾ ᠢ ᠰᠤᠳᠤᠯᠤᠨ ᠬᠢᠨᠠᠨ ᠵᠥᠪᠯᠡᠪᠡ︔ ᠮᠠᠨ ᠤ ᠲᠤᠭᠤᠷᠢᠭ ᠤᠨ ᠲᠠᠪᠤᠨ ᠶᠡᠭᠡ ᠡᠭᠦᠷᠭᠡ ᠶᠢᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠯᠢᠩ ᠲᠦᠸᠧ ᠲᠥᠷᠥᠯ ᠵᠦᠶᠯ ᠤᠨ ᠤᠯᠠᠭᠠᠨ ᠱᠤᠭᠤᠮ ᠤᠨ ᠭᠠᠳᠠᠨ᠎ᠠ ᠵᠢᠩᠬᠢᠨᠢ ᠪᠠᠷ ᠴᠠᠬᠢᠯᠭᠠᠨ ᠬᠡᠷᠡᠭᠯᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂ ᠪᠸᠢ ᠯᠠᠨ ᠰᠢᠨ ᠲᠥᠷᠥᠯ ᠵᠦᠶᠯ ᠤᠨ ᠨᠢᠭᠡᠳᠦᠭᠡᠷ ᠬᠤᠭᠤᠴᠠᠭᠠᠨ ᠤ ᠴᠠᠬᠢᠯᠭᠠᠨ ᠬᠡᠷᠡᠭᠯᠡᠬᠦ ᠪᠠᠭᠲᠠᠭᠠᠮᠵᠢ ᠶᠢ ᠨᠡᠮᠡᠭᠳᠡᠭᠦᠯᠬᠦ ᠠᠵᠢᠯ ᠤᠨ ᠲᠤᠬᠠᠶ ᠬᠠᠷᠢᠭᠤ ᠮᠡᠳᠡᠭᠦᠯᠦᠯᠲᠡ᠂ ᠭᠠᠶᠢᠯᠢ ᠶᠢᠨ ᠬᠠᠮᠵᠢᠯᠴᠠᠨ ᠬᠠᠮᠲᠤ ᠪᠠᠷ ᠵᠠᠰᠠᠬᠤ ᠬᠠᠮᠢᠶ᠎ᠠ ᠪᠥᠬᠦᠶ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃      6 ᠰᠠᠷ᠎ᠠ ᠶᠢᠨ 17 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠢᠦᠢ ᠵᠠᠨ ᠵᠢᠶᠠᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 6 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠸᠠᠩ ᠸᠧᠢ᠂ ᠢᠦᠢ ᠷᠦᠢ ᠴᠢᠩ᠂ ᠵᠠᠩ ᠵᠢᠶᠠ ᠯᠢ᠂ ᠦ᠋ ᠱᠧᠨ ᠮᠦᠸᠧ᠂ ᠶᠠᠩ ᠶᠦᠩ᠂ ᠸᠠᠩ ᠰᠢᠤ ᠵᠢᠤᠸᠠᠨ᠂ ᠯᠢ ᠬᠤᠩ ᠢᠦᠢ᠂ ᠵᠧᠦ ᠬᠠᠢ ᠹᠸᠢ᠂ ᠯᠢ ᠸᠧᠢ ᠬᠤᠷᠠᠯ ᠳᠤ ᠣᠷᠣᠯᠴᠠᠪᠠ᠃ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠨᠠᠮ ᠵᠠᠰᠠᠭ ᠤᠨ ᠶᠡᠭᠡ ᠬᠦᠷᠢᠶ᠎ᠡ ᠳᠤ ᠢᠨᠵᠧᠨᠧᠷᠢᠩ ᠦᠭᠡᠢ ᠣᠨ﹀ ᠤ ᠬᠡᠷᠡᠭᠵᠢᠭᠦᠯᠬᠦ ᠲᠥᠰᠦᠯ︾᠂ ᠬᠤᠲᠠ ᠶᠢᠨ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠤᠰᠬᠠᠶ ᠠᠵᠢᠯᠯᠠᠭ᠎ᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠳ᠋ᠢᠩ ᠰᠢᠤ ᠹᠧᠩ᠂ ᠵᠠᠩ ᠷᠦᠢ ᠨᠥᠬᠦᠷ ᠤᠨ ᠵᠢᠦᠶᠤᠸᠠᠨ ᠲᠣᠭᠤᠷᠢᠭ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠬᠥᠨᠳᠡᠯᠡᠨ ᠲᠣᠭᠤᠷᠢᠭ ᠤᠨ 2024 ᠣᠨ ᠤ ᠬᠤᠶᠠᠷ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ ᠶᠢ ᠬᠡᠷᠡᠭᠵᠢᠭᠦᠯᠵᠦ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯᠯᠠᠭ᠎ᠠ ᠶᠢᠨ ᠲᠥᠰᠦᠯ ︵ᠬᠦᠷᠬᠡᠨ ᠬᠢᠨᠠᠭᠤᠯᠬᠤ ᠨᠤᠤᠷᠠᠭ︶︾᠂ ︽ ᠬᠦᠨᠳᠡᠯᠡᠨ ᠭᠤᠤᠯ ᠪᠠᠯᠭᠠᠰᠦ᠂ ᠪᠤᠷᠬᠠᠨᠲᠤ ᠪᠠᠯᠭᠠᠰᠤ᠂ ᠺᠦᠨᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠤᠨ ᠪᠤᠭᠤᠲᠤ ᠬᠤᠲᠠ ᠶᠢᠨ ᠬᠥᠨᠳᠡᠯᠡᠨ ᠲᠣᠭᠤᠷᠢᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠨᠠᠶᠢᠳᠠᠵᠤ ᠬᠡᠰᠡᠭ ᠠᠶᠤᠯᠬᠦᠢ ᠦᠶᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠶᠠᠪᠤᠬᠳᠠᠭᠤᠯᠬᠤ ᠲᠤᠬᠠᠢ ᠬᠡᠷᠡᠭᠵᠢᠭᠦᠯᠬᠦ ᠲᠥᠰᠦᠯ ︵ᠬᠦᠷᠬᠡᠨ ᠬᠢᠨᠠᠭᠤᠯᠬᠤ ᠨᠤᠤᠷᠠᠭ︶︾᠂ ︽ᠳᠤᠮᠳᠠ ᠥᠨᠳᠥᠷ ᠳᠠᠷᠤᠯᠲᠠᠲᠤ IGBT ᠴᠢᠳᠠᠮᠵᠢ ᠶᠢᠨ ᠨᠡᠭᠡᠭᠡᠯᠭᠡ ᠶᠢᠨ ᠲᠥᠷᠥᠯ ᠵᠦᠶᠯ ᠤᠨ ᠪᠠᠯᠠ ᠣᠷᠣᠭᠤᠯᠤᠯᠲᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ︵ᠬᠦᠷᠬᠡᠨ ᠬᠢᠨᠠᠭᠤᠯᠬᠤ ᠨᠤᠤᠷᠠᠭ︶︾᠂ ︽ᠨᠠᠶᠢᠷᠠᠭ ᠲᠤᠯᠬᠢᠶᠠᠨᠲᠦ ᠤᠳᠠᠭᠠᠰᠢᠷᠠᠭᠤᠯᠤᠬᠴᠢ ᠶᠢᠨ ᠲᠥᠷᠥᠯ ᠵᠦᠶᠯ ᠤᠨ ᠪᠠᠯᠠ ᠣᠷᠣᠭᠤᠯᠤᠯᠲᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ︵ᠬᠦᠷᠬᠡᠨ ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ ᠵᠠᠰᠠᠭ ᠤᠨ ᠣᠷᠳᠣᠨ᠂ ᠶᠠᠨ ᠵᠢᠩ ᠫᠢᠸᠤ᠋ ︵ᠪᠤᠭᠤᠲᠤ ᠶᠢᠨ ᠰᠢᠤᠸᠠᠢ ᠯᠦ︶   ᠶᠢᠨ ᠬᠤᠪᠢᠴᠠᠭᠠᠲᠦ ᠬᠢᠵᠠᠭᠠᠷᠲᠤ ᠺᠣᠮᠫᠠᠨᠢ ᠶᠢᠨ ᠪᠠᠯᠠ ᠣᠷᠣᠭᠤᠯᠤᠯᠲᠠ ᠶᠢᠨ ᠵᠥᠪᠳᠡᠯᠴᠡᠬᠡᠷ ︵ᠬᠦᠷᠬᠡᠨ ᠬᠢᠨᠠᠭᠤᠯᠬᠤ ᠨᠤᠤᠷᠠᠭ︶︾᠂ ︽ᠬᠥᠨᠳᠡᠯᠡᠨ ᠲᠣᠭᠤᠷᠢᠭ ᠤᠨ ᠠᠶᠤᠯᠭᠦᠶ ᠦᠶᠯᠡᠳᠪᠦᠷᠢᠯᠡᠯ ᠤᠨ ᠬᠦᠷᠢᠶᠡᠨ ᠤ ᠢᠯᠡᠴᠢᠯᠡᠨ ᠮᠡᠳᠡᠬᠦᠯᠦᠭᠰᠡᠨ ᠠᠵᠢᠯᠯᠠᠭ᠎ᠠ ᠶᠢ ᠱᠠᠩᠨᠠᠬᠤ ᠠᠷᠭ᠎ᠠ ︵ᠬᠦᠷᠬᠡᠨ ᠬᠢᠨᠠᠭᠤᠯᠬᠤ ᠨᠤᠤᠷᠠᠭ︶︾ ᠶᠢ ᠰᠤᠳᠤᠯᠤᠨ ᠬᠢᠨᠠᠨ ᠵᠦᠪᠯᠡᠪᠡ  ︔ ᠦᠪᠦᠷ ᠮᠤᠩᠭᠤᠯ ᠤᠨ ᠪᠠᠷᠠᠭᠤᠨ ᠬᠡᠰᠡᠭ ︵ᠪᠤᠭᠤᠲᠤ︶ ᠤᠨ ᠰᠠᠯᠬᠢᠨ ᠬᠦᠴᠦᠨ ᠤ ᠴᠠᠬᠢᠯᠭᠠᠨ ᠤ ᠠᠵᠤ ᠦᠶᠯᠡᠰ ᠤᠨ ᠦᠶᠯᠡᠳᠬᠦ ᠰᠠᠭᠤᠷᠢᠨ ᠤ ᠭᠤᠷᠪᠠᠳᠤᠭᠠᠷ ᠬᠤᠭᠤᠴᠠᠭᠠᠨ ᠤ ᠭᠠᠵᠠᠷ ᠰᠢᠷᠣᠶ ᠶᠢᠨ ᠲᠯᠠᠪᠤᠷ ᠭᠠᠵᠠᠷ ᠪᠠ ᠬᠠᠯᠬᠠᠪᠴᠢ ᠬᠥᠲᠥᠯ ᠤᠨ ᠲᠥᠷᠥᠯ ᠵᠦᠶᠯ ᠤᠨ ᠬᠠᠶᠢᠷ ᠴᠢᠯᠠᠭᠤ ᠶᠢ ᠰᠢᠶᠳᠪᠦᠷᠢᠯᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ᠂  ᠲᠤᠭᠤᠷᠢᠭ ᠤᠨ ᠬᠡᠰᠡᠭ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠡᠯ ᠳᠤ ᠲᠣᠬᠢᠷᠠᠭᠤᠯᠤᠯᠲᠠ ᠬᠢᠭᠰᠡᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号