ᠠᠷᠠᠳ ᠵᠡᠭᠡᠯᠢ ᠵᠡᠭᠡᠯᠢ ᠭᠤᠳᠤᠮᠵᠢ ︽ᠨᠡᠶᠢᠭᠡᠮ ᠲᠣᠭᠤᠷᠢᠭ ᠤᠨ ᠬᠤᠷᠰᠢᠭᠴᠢ︾ ᠶᠢᠨ ᠵᠠᠭᠪᠤᠷ ᠢ ᠰᠦᠪᠡᠭᠴᠢᠯᠡᠵᠦ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ  ᠪᠠᠶᠢᠭᠤᠯᠪᠠ
ᠨᠡᠶᠢᠲᠡᠯᠡᠭᠰᠡᠨ ᠴᠠᠭ᠄
2024/7/16
     ᠨᠢᠭᠡ ᠳᠤ᠂ ︽ᠵᠥᠪᠳᠡᠯᠴᠡᠬᠦ ᠬᠤᠷᠰᠢᠭᠴᠢ︾ ᠶᠢᠨ ᠲᠠᠪᠴᠠᠩ ᠢ ᠪᠠᠶᠢᠭᠤᠯᠪᠠ᠃ ᠠᠷᠠᠳ ᠤᠨ ᠪᠠᠶᠢᠳᠠᠯ ᠢ ᠤᠶᠢᠯᠠᠭᠠᠬᠤ ᠴᠢᠩ ᠰᠡᠳᠬᠢᠯ ᠢᠶᠠᠷ ᠶᠠᠷᠢᠯᠴᠠᠬᠤ ᠬᠤᠷᠠᠯ᠂ ᠰᠠᠭᠤᠭᠠᠯᠢ ᠠᠷᠠᠳ ᠤᠨ ᠬᠡᠷᠡᠭ ᠵᠥᠪᠯᠡᠬᠦ ᠬᠤᠷᠠᠯ ᠵᠡᠷᠭᠡ ᠬᠡᠷᠡᠭ ᠵᠥᠪᠯᠡᠵᠦ ᠵᠥᠪᠳᠡᠯᠴᠡᠬᠦ ᠲᠠᠪᠴᠠᠩ ᠢ ᠪᠠᠶᠢᠭᠤᠯᠵᠤ᠂ ᠡᠭᠦᠷᠭᠡ ᠲᠤᠰᠢᠶᠠᠯᠳᠤ ᠰᠠᠯᠠᠭ᠎ᠠ ᠮᠥᠴᠢᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠡᠷᠭᠡ ᠲᠤᠰᠬᠠᠶ ᠮᠡᠷᠭᠡᠵᠢᠯ ᠤᠨ ᠠᠵᠢᠯᠲᠠᠨ ᠢ ᠤᠷᠢᠨ ᠣᠷᠣᠯᠴᠠᠭᠤᠯᠵᠤ᠂ ᠠᠷᠠᠳ ᠤᠨ ᠶᠠᠪᠤᠳᠠᠯ ᠢ ᠠᠷᠠᠳ ᠲᠦᠮᠡᠨ ᠵᠦᠪᠳᠡᠯᠴᠡᠬᠦ᠂ ᠠᠷᠠᠳ ᠤᠨ ᠰᠡᠳᠦᠪ ᠢ ᠠᠷᠠᠳ ᠲᠦᠮᠡᠨ ᠰᠢᠢᠳᠪᠦᠷᠢᠯᠡᠬᠦ᠂ ᠰᠠᠭᠤᠭᠠᠯᠢ ᠠᠷᠠᠳ ᠥᠪᠡᠷᠲᠡᠭᠡᠨ ᠵᠠᠰᠠᠬᠤ᠂ ᠨᠡᠶᠢᠭᠡᠮ ᠲᠣᠭᠤᠷᠢᠭ ᠬᠠᠮᠲᠤ ᠪᠠᠷ ᠵᠠᠰᠠᠬᠤ ᠬᠠᠷᠠᠯᠲᠠ ᠶᠢ ᠪᠡᠶᠡᠯᠡᠭᠦᠯᠪᠡ᠃ ᠨᠡᠶᠢᠲᠡ 200 ᠭᠠᠷᠤᠶ ᠬᠤᠪᠢ ᠵᠥᠷᠢᠴᠡᠯ ᠵᠢᠭᠤᠷᠠᠯᠳᠤᠭᠠᠨ ᠢ ᠰᠢᠶᠳᠪᠦᠷᠢᠯᠡᠵᠦ᠂ 200 ᠭᠠᠷᠤᠶ ᠬᠤᠪᠢ ᠢᠷᠭᠡᠨ ᠤ ᠬᠡᠷᠡᠭ ᠢ ᠡᠶᠡᠳᠡᠭᠦᠯᠦᠨ ᠰᠢᠶᠳᠪᠦᠷᠢᠯᠡᠵᠦ᠂ ᠡᠶᠡᠳᠡᠭᠦᠯᠦᠨ ᠰᠢᠶᠳᠪᠦᠷᠢᠯᠡᠭᠰᠡᠨ ᠨᠣᠷᠮ᠎ᠠ 99% ᠳᠤ ᠬᠦᠷᠴᠡᠶ᠃ ᠬᠤᠶᠠᠷ ᠲᠤ᠂ ︽ᠠᠮᠤᠷ ᠲᠦᠪᠰᠢᠨ ᠤ ᠲᠤᠬᠠᠢ ᠬᠤᠷᠰᠢᠭᠴᠢ︾ ᠶᠢᠨ ᠲᠠᠪᠴᠠᠩ ᠢ ᠪᠠᠶᠢᠭᠤᠯᠪᠠ᠃ ᠬᠠᠷᠢᠶ᠎ᠠ ᠣᠷᠣᠨ ᠤ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠭᠠᠯ ᠤᠨᠲᠠᠷᠠᠭᠠᠵᠤ ᠭᠠᠯ ᠢ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠬᠢᠬᠦ᠂ ᠭᠠᠯ ᠤᠨᠲᠠᠷᠠᠭᠠᠵᠤ ᠭᠠᠯ ᠢ ᠰᠡᠷᠭᠡᠶᠢᠯᠡᠬᠦ ᠰᠣᠷᠢᠯᠲᠠ ᠶᠢ 20 ᠭᠠᠷᠤᠶ ᠲᠠᠯᠠᠪᠠᠢ ᠥᠷᠨᠢᠭᠦᠯᠵᠦ᠂ ᠰᠠᠭᠤᠭᠠᠯᠢ ᠠᠷᠠᠳ ᠤᠨ ᠠᠮᠤᠷ ᠲᠦᠪᠰᠢᠨ ᠤ ᠲᠤᠬᠠᠢ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃  ︵ᠠᠷᠠᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号