ᠬᠥᠨᠳᠡᠯᠡᠨ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠬᠥᠨᠳᠡᠯᠡᠨ ᠭᠤᠯᠳᠤ ᠪᠠᠷ ᠬᠤᠯᠪᠣᠯᠳᠤᠨ ᠨᠡᠪᠲᠡᠷᠡᠯᠴᠡᠵᠦ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠣᠷ ᠢ ᠨᠢᠭᠲᠠ ᠰᠦᠯᠵᠢᠪᠡ
ᠨᠡᠶᠢᠲᠡᠯᠡᠭᠰᠡᠨ ᠴᠠᠭ᠄
2024/7/16
    ᠨᠢᠭᠡ ᠳᠤ᠂ ᠳᠡᠭᠡᠳᠦ ᠳᠤᠤᠷᠠᠳᠤ ᠱᠠᠲᠤ ᠶᠢ ᠨᠡᠪᠲᠡᠷᠡᠭᠦᠯᠵᠦ᠂ ᠥᠷᠲᠡᠭᠡ ᠴᠡᠭ ᠬᠤᠯᠪᠣᠭᠠᠯᠠᠨ ᠤᠴᠢᠷ ᠶᠠᠪᠤᠳᠠᠯ ᠭᠦᠢᠴᠡᠳᠬᠡᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ︽ᠵᠣᠬᠢᠶᠠᠨ ᠪᠠᠶᠢᠭᠤᠯᠤᠯᠲᠠ ᠶᠢᠨ ᠲᠤᠤᠷ︾ ᠢ ᠨᠢᠭᠲᠠ ᠰᠦᠯᠵᠢᠪᠡ᠃ ᠬᠠᠤᠯᠢ ᠴᠠᠭᠠᠵᠠ ᠶᠢᠨ ᠭᠠᠵᠠᠷ ᠲᠤ ᠲᠦᠰᠢᠭᠯᠡᠨ 15 ᠵᠡᠭᠡᠯᠢ ᠭᠤᠲᠤᠮᠵᠢ ᠪᠠᠯᠭᠠᠰᠤ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠶᠢ ᠪᠠᠶᠢᠭᠤᠯᠵᠤ᠂ ᠠᠵᠢᠯ ᠤᠨ ᠥᠷᠲᠡᠭᠡ ᠳᠤ ᠡᠷᠬᠡ ᠶᠢ ᠳᠣᠷᠣᠭᠰᠢ ᠪᠠᠭᠤᠯᠭᠠᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠦᠯᠢᠶᠡᠨ ᠠᠪᠬᠤ ᠠᠰᠠᠭᠤᠨ ᠯᠠᠪᠯᠠᠭ᠎ᠠ᠂ ᠬᠡᠷᠡᠭ ᠢ ᠬᠦᠯᠢᠶᠡᠨ ᠠᠪᠴᠤ ᠰᠢᠶᠳᠪᠦᠷᠢᠯᠡᠬᠦ ᠠᠩᠬᠠᠨ ᠤ ᠬᠢᠨᠠᠯᠲᠠ᠂ ᠰᠢᠭᠤᠳ ᠰᠢᠯᠵᠢᠭᠦᠯᠦᠨ ᠬᠢᠨᠠᠨ ᠵᠦᠪᠰᠢᠶᠡᠷᠡᠭᠦᠯᠬᠦ ᠵᠡᠷᠭᠡ ᠦᠢᠯᠡᠴᠢᠯᠡᠭᠡ ᠬᠠᠩᠭᠠᠪᠠ᠃ 110 ᠲᠣᠰᠬᠤᠨ ᠤ ᠰᠠᠭᠤᠭᠠᠯᠢ ᠠᠷᠠᠳ ᠤᠨ ᠵᠦᠪᠯᠡᠯ ᠳᠤ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠷᠢᠯᠴᠠᠬᠤ ᠴᠡᠭ ᠪᠠᠶᠢᠭᠤᠯᠵᠤ᠂ ᠬᠠᠤᠯᠢ ᠴᠠᠭᠠᠵᠠ ᠶᠢᠨ ᠲᠤᠰᠠᠯᠠᠮᠵᠢ ᠶᠢ ᠪᠦᠬᠦ ᠲᠠᠯ᠎ᠠ ᠪᠠᠷ ᠤᠷᠲᠤᠳᠬᠠᠬᠤ ᠶᠢ ᠪᠡᠶᠡᠯᠡᠭᠦᠯᠪᠡ᠃ ᠬᠤᠶᠠᠷ ᠲᠤ᠂ ᠬᠦᠨᠳᠡᠯᠡᠨ ᠴᠢᠭᠯᠡᠯ ᠢᠶᠠᠷ ᠬᠤᠯᠪᠣᠭᠠᠯᠠᠨ ᠬᠥᠳᠡᠯᠦᠯᠴᠡᠵᠦ᠂ ᠬᠤᠲᠠ ᠶᠢᠨ ᠬᠡᠪᠴᠢᠶᠡᠨ ᠳᠤ ᠨᠡᠶᠢᠳᠡᠮ ᠭᠦᠶᠴᠡᠳᠬᠡᠵᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ︽ᠦᠶᠯᠡᠴᠢᠯᠡᠭᠡᠨ ᠤ ᠲᠤᠤᠷ︾ ᠢ ᠨᠢᠭᠲᠠ ᠰᠦᠯᠵᠢᠪᠡ᠃ ᠬᠥᠨᠳᠡᠯᠡᠨ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠨᠢ ᠦᠶᠯᠡᠴᠢᠯᠡᠭᠡᠨ ᠤ ᠬᠡᠪᠴᠢᠶ᠎ᠡ ᠪᠠᠨ ᠲᠠᠰᠤᠷᠠᠯᠲᠠ ᠥᠬᠡᠶ ᠥᠷᠭᠡᠳᠬᠡᠵᠦ᠂ ᠪᠥᠬᠦ ᠬᠤᠲᠠ ᠳᠤ ︽ᠬᠤᠲᠠ ᠶᠢᠨ ᠬᠡᠪᠴᠢᠶᠡᠨ ᠳᠤ ᠨᠡᠶᠢᠳᠡᠮ ᠭᠦᠶᠴᠡᠳᠬᠡᠬᠦ︾ ᠶᠢ ᠡᠩ ᠲᠡᠷᠢᠭᠦᠨ ᠳᠤ ᠬᠡᠷᠡᠭᠵᠢᠭᠦᠯᠵᠦ᠂ ᠣᠷᠣᠨ ᠪᠦᠰᠡ ᠶᠢᠨ ᠬᠤᠪᠢᠶᠠᠷᠢᠯᠠᠯ ᠤᠨ ᠬᠢᠵᠠᠭᠠᠷᠯᠠᠯ ᠢ ᠬᠦᠴᠦᠯᠡᠨ ᠡᠪᠳᠡᠵᠦ᠂ ᠨᠢᠭᠡ ᠴᠤᠭᠴᠠᠵᠢᠭᠤᠯᠤᠨ ᠨᠡᠶᠢᠳᠡᠮ ᠭᠦᠶᠴᠡᠳᠬᠡᠬᠦ ᠶᠢ ᠪᠡᠶᠡᠯᠡᠭᠦᠯᠪᠡ᠃ ᠦᠶᠯᠡᠴᠢᠯᠡᠭᠡᠨ ᠤ ᠪᠠᠲᠤᠯᠠᠭ᠎ᠠ ᠶᠢ ᠴᠢᠩᠭᠠᠷᠠᠭᠤᠯᠵᠤ᠂ ︽ᠠᠰᠠᠭᠤᠨ ᠯᠠᠪᠯᠠᠭ᠎ᠠ ᠶᠢ ᠬᠦᠯᠢᠶᠡᠨ ᠠᠪᠤᠭᠰᠠᠨ ᠠᠩᠬᠠᠨ ᠤ ᠠᠵᠢᠯᠲᠡᠨ ᠪᠦᠬᠦ ᠶᠠᠪᠤᠴᠠ ᠳᠤ ᠬᠠᠷᠢᠭᠤᠴᠠᠬᠤ ᠬᠠᠷᠢᠭᠤᠴᠠᠯᠭ᠎ᠠ ᠶᠢᠨ ᠲᠦᠷᠢᠮ︾ ᠢ ᠬᠡᠷᠡᠭᠵᠢᠭᠦᠯᠦᠨ᠂ ᠴᠠᠭ ᠲᠤᠬᠠᠶ ᠳᠤᠨᠢ ᠬᠢᠨᠠᠨ ᠵᠥᠪᠰᠢᠶᠡᠷᠡᠵᠦ᠂ ᠣᠶᠢᠷ᠎ᠠ ᠬᠠᠪᠢ ᠳᠤᠨᠢ ᠵᠢᠭᠠᠨ ᠲᠣᠮᠢᠯᠠᠵᠤ᠂ ᠭᠤᠶᠤᠴᠢᠯᠠᠭᠴᠢ ᠳᠤ  ︽ᠪᠥᠬᠦ ᠶᠠᠪᠤᠴᠠ ᠶᠢᠨ᠂ ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠶᠯᠡᠴᠢᠯᠡᠭᠡ     ᠬᠠᠩᠭᠠᠪᠠ᠃ ︵ᠬᠠᠤᠯᠢ ᠴᠠᠭᠠᠵᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号