1 . ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | 1 — 5 ᠰᠠᠷ᠎ᠠ᠄ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠪᠡ᠃ | ᠲᠥᠷᠥᠯ ᠵᠦᠶᠯ ᠬᠤᠪᠢᠶᠠᠵᠤ ᠦᠵᠡᠪᠡᠯ᠄ ᠠᠭᠤᠷᠬᠠᠶ ᠮᠠᠯᠲᠠᠬᠤ ᠦᠶᠯᠡᠰ 9.2% ᠢᠶᠠᠷ ᠪᠠᠭᠤᠷᠠᠪᠠ︔ | ᠦᠶᠯᠡᠳᠬᠦ ᠦᠶᠯᠡᠰ 16.7% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ | ᠤᠰᠤᠨ ᠤ ᠦᠶᠯᠡᠳᠪᠦᠷᠢᠯᠡᠯ ᠪᠠ ᠬᠠᠩᠭᠠᠯᠭ᠎ᠠ ᠶᠢᠨ ᠦᠶᠯᠡᠰ 12.5% ᠪᠠᠷ ᠨᠡᠮᠡᠭᠳᠡᠪᠡ᠃ | ᠠᠵᠢᠯ ᠲᠥᠷᠥᠯ ᠢᠶᠠᠷ ᠬᠤᠪᠢᠶᠠᠵᠤ ᠦᠵᠡᠪᠡᠯ᠄ ᠲᠡᠮᠦᠷᠯᠢᠭ ᠤᠨ ᠪᠤᠰᠤ ᠡᠷᠦᠳᠡᠰᠦ ᠶᠢᠨ ᠪᠦᠲᠦᠭᠡᠭᠳᠡᠬᠦᠨ ᠤ | ᠦᠶᠯᠡᠰ 19.5% ᠪᠠᠷ ᠨᠡᠮᠡᠭᠳᠡᠪᠡ︔ ᠬᠠᠷ᠎ᠠ ᠲᠡᠮᠦᠷᠯᠢᠭ ᠬᠠᠶᠢᠯᠤᠭᠤᠯᠬᠤ ᠪᠠ ᠰᠤᠪᠢᠵᠤ ᠪᠣᠯᠪᠠᠰᠤᠷᠠᠭᠤᠯᠬᠤ ᠠᠵᠤ | ᠦᠢᠯᠡᠳᠪᠦᠷᠢ 11.7% ᠪᠠᠷ ᠨᠡᠮᠡᠭᠳᠡᠪᠡ᠃ | ᠦᠶᠯᠡᠳᠬᠦᠨ ᠤ ᠪᠠᠶᠢᠳᠠᠯ ᠠᠴᠠ ᠦᠵᠡᠪᠡᠯ᠄ ᠲᠠᠩ ᠲᠠᠯᠠᠰᠲᠤ ᠴᠠᠬᠢᠭᠤᠷ 80.3% ᠪᠠᠷ ᠨᠡᠮᠡᠭᠳᠡᠪᠡ︔ ᠲᠠᠩ | ᠭᠠᠭᠴᠠ ᠬᠤᠪᠣᠷ ᠰᠢᠷᠣᠶ ᠶᠢᠨ ᠲᠡᠮᠦᠷᠯᠢᠭ 55.2% ᠢᠶᠠᠷ ᠨᠡᠮᠡᠭᠳᠡᠪᠡ︔ ᠣᠯᠠᠨ ᠲᠠᠯᠠᠰᠲᠤ ᠴᠠᠬᠢᠭᠤᠷ | 78.6% ᠪᠠᠷ ᠨᠡᠮᠡᠭᠳᠡᠪᠡ︔ ᠬᠠᠴᠢᠨ ᠬᠤᠪᠣᠷ ᠰᠢᠷᠣᠶ ᠶᠢᠨ ᠲᠡᠮᠦᠷᠯᠢᠭ ᠤᠨ ᠠᠭᠤᠷᠬᠠᠶ 12.1% ᠪᠠᠷ ᠨᠡᠮᠡᠭᠳᠡᠪᠡ︔ | ᠰᠢᠷᠡᠮᠦ 4.2% ᠢᠶᠠᠷ ᠪᠠᠭᠤᠷᠠᠪᠠ︔ ᠪᠦᠳᠦᠭᠦᠯᠢᠭ ᠪᠤᠯᠪᠠᠰᠤᠷᠠᠭᠤᠯᠤᠬᠰᠠᠨ ᠪᠣᠯᠣᠳ 3.9% ᠪᠠᠷ ᠪᠠᠭᠤᠷᠠᠪᠠ︔ | ᠪᠣᠯᠣᠳ ᠮᠠᠲ᠋ᠧᠷᠢᠶᠠᠯ 3.9% ᠪᠠᠷ ᠪᠠᠭᠤᠷᠠᠪᠠ᠃ | ᠦᠷ᠎ᠡ ᠠᠰᠢᠭ ᠠᠴᠠ ᠨᠢ ᠦᠵᠡᠪᠡᠯ᠄ 1— 4 ᠰᠠᠷ᠎ᠠ ᠳᠤ 475.80 ᠳ᠋ᠦᠩᠰᠢᠭᠤᠷ ᠲᠥᠭᠦᠷᠢᠭ ᠤᠨ | ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠰᠢᠭ ᠬᠤᠨᠵᠢᠪᠣᠷᠢ ᠶᠢᠨ ᠶᠡᠷᠦᠩᠬᠡᠶ ᠬᠡᠮᠵᠢᠶ᠎ᠡ 0.25 ᠳ᠋ᠦᠩᠰᠢᠭᠤᠷ | ᠲᠥᠭᠦᠷᠢᠭ ᠢ ᠪᠡᠶᠡᠯᠡᠭᠦᠯᠪᠡ᠃ | 2 . ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | 1 — 5 ᠰᠠᠷ᠎ᠠ ᠳᠤ᠄ ᠠᠳᠠᠯᠢ ᠬᠤᠭᠤᠴᠠᠭᠠᠨ ᠤ ᠬᠢ ᠠᠴᠠ 29.0% ᠪᠠᠷ ᠨᠡᠮᠡᠭᠳᠡᠪᠡ᠃ | ᠠᠵᠤ ᠦᠢᠯᠡᠰ ᠤᠨ ᠪᠦᠲᠦᠴᠡ ᠠᠴᠠ ᠦᠵᠡᠪᠡᠯ᠄ ᠬᠤᠶᠠᠳᠤᠭᠠᠷ ᠠᠵᠤ ᠦᠢᠯᠡᠰ 21.8% ᠪᠠᠷ ᠨᠡᠮᠡᠭᠳᠡᠵᠦ᠂ | ᠪᠡᠯᠡ ᠣᠷᠣᠭᠤᠯᠤᠯᠲᠠ ᠶᠢᠨ ᠳᠣᠲᠣᠷ᠎ᠠ ᠡᠵᠡᠯᠡᠬᠦ ᠬᠤᠪᠢ ᠶᠢᠨ ᠵᠢᠩ ᠨᠢ 77.3%᠃ ᠭᠤᠷᠪᠠᠳᠤᠭᠠᠷ ᠠᠵᠤ ᠦᠶᠯᠡᠰ | 75.0% ᠪᠠᠷ ᠨᠡᠮᠡᠭᠳᠡᠵᠦ᠂ ᠪᠠᠯᠠ ᠣᠷᠣᠭᠤᠯᠤᠯᠲᠠ ᠶᠢᠨ ᠲᠤᠳᠤᠷ᠎ᠠ ᠡᠵᠡᠯᠡᠬᠦ ᠬᠤᠪᠢ ᠶᠢᠨ ᠵᠢᠩ ᠨᠢ 22.7%᠃ | | ᠪᠠᠯᠠ ᠣᠷᠣᠭᠤᠯᠤᠯᠲᠠ ᠶᠢᠨ ᠬᠦᠷᠢᠶ᠎ᠡ ᠴᠠᠷᠠᠭ᠎ᠠ ᠠᠴᠠ ᠦᠵᠡᠪᠡᠯ᠄ ᠭᠤᠷᠪᠠᠨ ᠶᠡᠭᠡ ᠬᠦᠷᠢᠶᠡᠨ ᠤ ᠪᠠᠯᠠ | ᠣᠷᠣᠭᠤᠯᠤᠯᠲᠠ ᠨᠢ ᠪᠥᠬᠦ ᠪᠡᠯᠡ ᠤᠷᠤᠭᠤᠯᠤᠯᠳᠠ ᠶᠢᠨ ᠶᠡᠷᠦᠩᠬᠡᠢ ᠬᠡᠮᠵᠢᠶᠡᠨ ᠤ 92.8% ᠶᠢ ᠡᠵᠡᠯᠡᠪᠡ᠃ | ᠦᠶᠯᠡᠳᠬᠦ ᠦᠶᠯᠡᠰ 24.2% ᠢᠶᠠᠷ ᠨᠡᠮᠡᠭᠳᠡᠪᠡ︔ ᠰᠠᠭᠤᠷᠢ ᠲᠥᠬᠦᠭᠡᠷᠦᠮᠵᠢ ᠶᠢᠨ ᠪᠡᠯᠡ ᠤᠷᠤᠭᠤᠯᠤᠯᠲᠠ | 3.5% ᠪᠠᠷ ᠨᠡᠮᠡᠭᠳᠡᠪᠡ︔ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠶᠯᠡᠰ 40.7% ᠪᠠᠷ | ᠨᠡᠮᠡᠭᠳᠡᠪᠡ᠃ | 3 . ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ | 1 — 5 ᠰᠠᠷ᠎ᠠ᠄ 140.63 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.2 % ᠢᠶᠠᠷ ᠨᠡᠮᠡᠭᠳᠡᠪᠡ᠃ | ᠲᠦᠷᠦᠯ ᠵᠦᠢᠯ ᠢᠶᠠᠷ ᠬᠤᠪᠢᠶᠠᠵᠤ ᠦᠵᠡᠪᠡᠯ᠄ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ | ᠵᠦᠢᠯ ᠢ ᠵᠢᠵᠢᠭᠯᠡᠨ ᠬᠤᠳᠠᠯᠳᠤᠭᠰᠠᠨ ᠲᠤᠭ᠎ᠠ 30.14 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠲᠠᠢ ᠲᠡᠩᠴᠡᠭᠦᠦ ᠪᠣᠯᠵᠠᠢ᠃ ᠡᠭᠦᠨ ᠳᠤ ᠢᠳᠡᠭᠡᠨ ᠤᠮᠳᠠᠭᠠᠨ ᠤ ᠣᠷᠣᠯᠭ᠎ᠠ 3.33 | ᠳ᠋ᠦᠩᠰᠢᠭᠤᠷ ᠲᠥᠭᠦᠷᠢᠭ ᠲᠤ ᠬᠦᠷᠴᠦ᠂ 12.4% ᠪᠠᠷ ᠨᠡᠮᠡᠭᠳᠡᠪᠡ︔ ᠲᠠᠸᠠᠷ ᠢ ᠵᠢᠵᠢᠭᠯᠡᠨ ᠬᠤᠳᠠᠯᠳᠤᠭᠰᠠᠨ | ᠬᠡᠮᠵᠢᠶ᠎ᠡ 26.81 ᠳ᠋ᠦᠩᠰᠢᠭᠤᠷ ᠲᠥᠭᠦᠷᠢᠭ ᠲᠤ ᠬᠦᠷᠴᠦ᠂ 1.3% ᠪᠠᠷ ᠪᠠᠭᠤᠷᠠᠪᠠ᠃ | ᠲᠠᠸᠠᠷ ᠤᠨ ᠲᠥᠷᠥᠯ ᠤᠨ ᠦᠢᠯᠡᠳᠪᠦᠷᠢᠯᠡᠯ ᠤᠨ ᠪᠡᠶᠡᠯᠡᠬᠦᠯᠦᠭᠰᠡᠨ ᠥᠷᠲᠡᠭ ᠠᠴᠠ ᠦᠵᠡᠪᠡᠯ᠄ ᠠᠷᠢᠬᠢ | ᠲᠠᠮᠠᠬᠢᠨ ᠤ ᠲᠥᠷᠥᠯ 21.3% ᠪᠠᠷ ᠨᠡᠮᠡᠭᠳᠡᠪᠡ︔ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ 4.3% ᠪᠠᠷ | ᠨᠡᠮᠡᠭᠳᠡᠪᠡ︔ ᠭᠡᠷ ᠤᠨ ᠡᠳ᠋ᠯᠡᠯ ᠬᠡᠷᠡᠭᠰᠡᠯ ᠤᠨ ᠲᠥᠷᠥᠯ 17 ᠳᠠᠬᠢᠨ ᠨᠡᠮᠡᠭᠳᠡᠪᠡ︔ ᠴᠢᠮᠡᠭᠡ ᠨᠡᠪᠲᠡᠷᠡᠯᠭᠡ ᠶᠢᠨ ᠪᠠᠭᠠᠵᠢ | ᠬᠡᠷᠡᠭᠰᠡᠯ ᠤᠨ ᠲᠥᠷᠥᠯ 40.8% ᠪᠠᠷ ᠨᠡᠮᠡᠭᠳᠡᠪᠡ᠃ | 4 . ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ᠃ | 1— 4 ᠰᠠᠷ᠎ᠠ᠄ 56.81 ᠳ᠋ᠦᠩᠰᠢᠭᠤᠷ ᠲᠥᠭᠦᠷᠢᠭ᠂ ᠠᠳᠠᠯᠢ ᠬᠤᠭᠤᠴᠠᠭᠠᠨ ᠤ ᠬᠢ ᠠᠴᠠ 1.1% ᠪᠠᠷ | ᠨᠡᠮᠡᠭᠳᠡᠪᠡ᠃ | ᠠᠵᠢᠯ ᠲᠥᠷᠥᠯ ᠬᠤᠪᠢᠶᠠᠵᠤ ᠦᠵᠡᠪᠡᠯ᠄ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠪᠠ | ᠲᠡᠭᠡᠭᠡᠪᠦᠷᠢ ᠶᠢᠨ ᠣᠷᠣᠯᠠᠨ ᠭᠦᠶᠴᠡᠳᠬᠡᠬᠦ ᠦᠶᠯᠡᠰ 1.6% ᠪᠠᠷ ᠨᠡᠮᠡᠭᠳᠡᠪᠡ︔ ᠠᠴᠢᠬᠤ ᠪᠠᠭᠤᠯᠭᠠᠬᠤ | ᠵᠥᠭᠡᠭᠡᠪᠦᠷᠢᠯᠡᠬᠦ ᠪᠠ ᠬᠥᠮᠥᠷᠭᠡᠯᠡᠨ ᠬᠠᠳᠠᠭᠠᠯᠠᠬᠤ ᠦᠢᠯᠡᠰ 12.6% ᠪᠠᠷ ᠨᠡᠮᠡᠭᠳᠡᠪᠡ︔ ᠮᠡᠳᠡᠭᠡ ᠵᠠᠩᠭᠢ ᠶᠢᠨ | ᠳᠠᠮᠵᠢᠭᠤᠯᠭ᠎ᠠ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠶᠯᠡᠴᠢᠯᠡᠭᠡᠨ ᠤ ᠦᠶᠯᠡᠰ | 9.6% ᠪᠠᠷ ᠨᠡᠮᠡᠭᠳᠡᠪᠡ︔ ᠢᠨᠲ᠋ᠧᠷ ᠰᠦᠯᠵᠢᠶ᠎ᠡ ᠪᠠ ᠬᠠᠮᠢᠶ᠎ᠠ ᠪᠦᠬᠦᠢ ᠦᠶᠯᠡᠴᠢᠯᠡᠭᠡ᠂ ᠵᠥᠭᠡᠯᠡᠨ ᠲᠣᠨᠤᠭ ᠪᠠ | ᠮᠡᠳᠡᠭᠡ ᠵᠠᠩᠭᠢ ᠶᠢᠨ ᠮᠡᠷᠭᠡᠵᠢᠯ ᠤᠨ ᠦᠶᠯᠡᠴᠢᠯᠡᠭᠡᠨ ᠤ ᠦᠶᠯᠡᠰ 25.4% ᠪᠠᠷ ᠨᠡᠮᠡᠭᠳᠡᠪᠡ︔ ᠰᠢᠨᠵᠢᠯᠡᠬᠦ | ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ 68.9% ᠨᠡᠮᠡᠭᠳᠡᠪᠡ︔ ᠰᠣᠶᠣᠯ᠂ | ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ 11.7 % ᠪᠠᠷ ᠨᠡᠮᠡᠭᠳᠡᠪᠡ᠃ |