ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ | ᠣᠶᠢᠯᠠᠭᠠᠭᠰᠠᠨ ᠢᠶᠠᠷ᠂ ᠮᠠᠨ ᠤ ᠣᠷᠣᠨ ᠲᠦᠷᠦᠭᠦᠬᠡᠨ ᠪᠦᠯᠭᠦᠮ ᠪᠠᠶᠢᠭᠤᠯᠤᠨ ︽ᠦᠩᠰᠢᠭ ᠰᠠᠶᠢᠬᠠᠨ ᠳᠥᠷᠪᠡᠨ | ᠤᠯᠠᠷᠢᠯ︾ ᠬᠠᠷᠠᠮᠥ᠋ᠷᠡᠨ ᠮᠤᠵᠢ ᠶᠢᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠰᠢᠯᠦᠭ ᠤᠨ ᠴᠤᠭᠯᠠᠭᠠᠨ ᠵᠢᠴᠢ | ᠵᠡᠭᠦᠨ ᠬᠤᠶᠢᠲᠤ ᠣᠷᠣᠨ ᠪᠡᠭᠡᠵᠢᠩ ᠲᠢᠶᠠᠨᠵᠢᠨ ᠣᠷᠣᠨ ᠤ ᠰᠣᠶᠣᠯ ᠤᠨ ᠴᠤᠭᠯᠠᠭᠠᠨ ᠳᠤ ᠤᠷᠤᠯᠴᠠᠵᠦ᠂ ᠮᠣᠩᠭᠤᠯ | ᠰᠡᠶᠢᠯᠪᠦᠷᠢ ᠰᠡᠶᠢᠯᠦᠮᠡᠯ ᠪᠠ ᠵᠢᠷᠭᠤᠭᠠᠯᠵᠢᠨ ᠳᠡᠷᠡ ᠬᠢᠬᠦ ᠤᠷ᠎ᠠ ᠮᠡᠷᠭᠡᠵᠢᠯ ᠢ ᠦᠵᠡᠭᠦᠯᠵᠦ᠂ ᠥᠪᠥᠷ ᠮᠣᠩᠭᠤᠯ ᠤᠨ | ᠪᠣᠳᠠᠰ ᠤᠨ ᠰᠣᠶᠣᠯ ᠤᠨ ᠥᠪ ᠤᠨ ᠤᠷ᠎ᠠ ᠮᠡᠷᠭᠡᠵᠢᠯ ᠵᠢᠴᠢ ᠰᠣᠶᠣᠯ ᠤᠨ ᠤᠳᠬ᠎ᠠ ᠠᠭᠤᠯᠬᠤᠨ ᠢ ᠤᠯᠠᠨ ᠳᠤ | ᠬᠠᠷᠠᠭᠤᠯᠵᠠᠢ᠃ | ᠲᠣᠰ ᠤᠳᠠᠭ᠎ᠠ ᠶᠢᠨ ᠠᠵᠢᠯᠯᠠᠭ᠎ᠠ ᠶᠢᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠬᠯᠠᠯᠲᠠ ᠳᠤ | ᠰᠢᠯᠦᠭ ᠳᠠᠭᠤᠯᠠᠯ᠂ ᠡᠷᠲᠡᠨ ᠤ ᠰᠢᠯᠦᠭ ᠤᠶᠠᠩᠭᠠᠯᠠᠨ ᠳᠠᠭᠤᠯᠠᠬᠤ᠂ ᠰᠢ ᠳᠠᠭᠤᠤᠷᠢᠯᠢᠭ᠂ ᠪᠥᠵᠢᠭ᠂ ᠬᠥᠭᠵᠢᠮ᠂ | ᠲᠣᠭᠤᠷᠢᠨ ᠲᠣᠭᠯᠠᠬᠤ ᠵᠡᠷᠭᠡ ᠤᠷᠠᠨ ᠰᠠᠶᠢᠬᠠᠨ ᠤ ᠲᠣᠬᠯᠠᠯᠲᠠ ᠨᠤᠭᠤᠳ ᠶᠠᠪᠤᠭᠳᠠᠵᠤ᠂ ᠲᠠᠪᠤᠨ ᠰᠠᠷ᠎ᠠ ᠶᠢᠨ | ᠰᠢᠨ᠎ᠡ ᠶᠢᠨ ᠲᠠᠪᠤᠨ ᠤ ᠡᠷᠬᠢᠮᠰᠦᠭ ᠴᠤᠭᠯᠠᠭᠠᠨ ᠳᠤ ᠬᠠᠷᠠᠮᠥ᠋ᠷᠡᠨ᠂ ᠥᠪᠥᠷ ᠮᠣᠩᠭᠤᠯ᠂ ᠪᠡᠭᠡᠵᠢᠩ᠂ ᠲᠢᠶᠠᠨᠵᠢᠨ᠂ | ᠭᠢᠷᠢᠨ᠂ ᠯᠢᠶᠣᠤᠨᠢᠩ ᠵᠡᠷᠭᠡ ᠭᠠᠵᠠᠷ ᠤᠨ ᠥᠪᠡᠷᠮᠢᠴᠡ ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ | ᠪᠦᠲᠦᠭᠡᠭᠳᠡᠬᠦᠨ᠂ ᠪᠣᠳᠠᠰ ᠤᠨ ᠪᠤᠰᠤ ᠰᠣᠶᠣᠯ ᠤᠨ ᠥᠪ᠂ ᠠᠮᠲᠠᠲᠤ ᠢᠳᠡᠭᠡᠨ ᠵᠢᠴᠢ ᠲᠠᠷᠢᠶᠠᠯᠠᠩ ᠤᠨ ᠣᠨᠴᠠ | ᠪᠦᠲᠦᠭᠡᠭᠳᠡᠬᠦᠨ ᠢ ᠲᠥᠪᠯᠡᠷᠡᠭᠦᠯᠦᠨ ᠦᠵᠡᠭᠦᠯᠪᠠ ; ᠬᠤᠷᠰᠢᠯᠴᠠᠬᠤ ᠮᠠᠶ᠋ᠢᠭ ᠤᠨ ᠰᠣᠶᠣᠯ ᠤᠨ ᠪᠡᠶᠡᠴᠢ | ᠣᠶᠢᠯᠠᠭᠠᠯᠲᠠ ᠳᠤ ᠶᠠᠲᠤᠭ᠎ᠠ᠂ ᠴᠠᠢ ᠶᠢᠨ ᠤᠷᠠᠯᠢᠭ ᠤᠨ ᠦᠵᠡᠭᠦᠯᠭᠡ ᠵᠢᠴᠢ ᠪᠡᠶᠡᠴᠢᠯᠡᠨ ᠣᠶᠢᠯᠠᠭᠠᠯᠲᠠ᠂ ᠦᠨᠦᠷᠲᠦ | ᠬᠠᠪᠲᠠᠭ᠎ᠠ ᠬᠠᠳᠬᠤᠮᠠᠯᠯᠠᠬᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠵᠠᠩ ᠳᠠᠳᠬᠠᠯ ᠤᠨ ᠮᠡᠳᠡᠯᠭᠡ ᠶᠢ ᠰᠣᠷᠢᠨ | ᠰᠢᠯᠭᠠᠬᠤ᠂ ᠰᠢᠯᠦᠭ ᠴᠡᠭᠡᠵᠢᠯᠡᠬᠦ᠂ ᠰᠢᠯᠦᠭ ᠤᠨ ᠬᠠᠪᠲᠠᠰᠤ ᠪᠢᠴᠢᠬᠦ᠂ ᠳᠡᠪᠦᠷ᠎ᠡ ᠰᠢᠳᠡᠬᠦ᠂ ᠭᠡᠷᠡᠯ ᠵᠢᠷᠤᠭ ᠠᠪᠬᠤ | ᠵᠡᠷᠭᠡ ᠠᠵᠢᠯᠯᠠᠭ᠎ᠠ ᠥᠷᠨᠢᠭᠦᠯᠵᠦ᠂ ᠭᠦᠨᠵᠡᠭᠡᠢ ᠪᠡᠶᠡᠴᠢᠯᠡᠨ ᠣᠶᠢᠯᠠᠭᠠᠯᠲᠠ ᠶᠢᠨ ᠮᠠᠶ᠋ᠢᠭ ᠤᠨ ᠤᠷᠠᠯᠢᠭ ᠤᠨ | ᠲᠣᠬᠯᠠᠯᠲᠠ ᠳᠤ ᠮᠣᠷᠢᠨ ᠬᠤᠭᠤᠷ᠂ ᠮᠣᠩᠭᠤᠯ ᠦᠨᠳᠦᠰᠦᠲᠡᠨ ᠤ ᠪᠥᠵᠢᠭ᠂ ᠰᠣᠯᠣᠩᠭᠤᠰ ᠦᠨᠳᠦᠰᠦᠲᠡᠨ ᠤ ᠪᠥᠵᠢᠭ | ᠵᠡᠷᠭᠡ ᠣᠨᠴᠠᠯᠢᠭᠲᠤ ᠬᠠᠮᠲᠤ ᠶᠢᠨ ᠰᠣᠶᠣᠯ ᠤᠨ ᠠᠵᠢᠯᠯᠠᠭ᠎ᠠ ᠶᠠᠪᠤᠭᠤᠯᠵᠤ᠂ ᠬᠠᠷᠪᠢᠨ ᠬᠤᠳᠠ ᠶᠢᠨ ᠰᠠᠭᠤᠭᠠᠯᠢ | ᠠᠷᠠᠳ ᠬᠢᠭᠡᠳ ᠬᠦᠷᠦᠯᠴᠡᠨ ᠢᠷᠡᠭᠰᠡᠨ ᠵᠢᠭᠤᠯᠴᠢᠯᠠᠬᠰᠠᠳ ᠲᠤ ᠡᠯ᠎ᠡ ᠭᠠᠵᠠᠷ ᠤᠨ ᠰᠣᠶᠣᠯ ᠤᠷᠠᠯᠢᠭ ᠪᠠ ᠵᠠᠩ | ᠳᠠᠳᠬᠠᠯ ᠢ ᠣᠶᠢᠯᠠᠭᠠᠭᠤᠯᠵᠤ᠂ ᠲᠤᠮᠳᠠᠳᠦ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠭᠠᠶᠢᠬᠠᠮᠰᠢᠭ ᠢ | ᠬᠠᠷᠠᠭᠤᠯᠤᠭᠰᠠᠨ ᠪᠠᠶᠢᠨ᠎ᠠ᠃ |