ᠣᠯᠠᠨ ᠪᠠᠩᠬᠢ ᠶᠢᠨ ᠬᠢᠨ ᠪᠠᠩᠬᠢ ᠶᠢᠨ ᠺᠠᠷᠲ ᠤᠨ ᠴᠢᠨᠢ ᠵᠣᠭᠤᠰ ᠲᠠᠢ ᠬᠤᠯᠪᠣᠭᠳᠠᠬᠤ ᠲᠤᠬᠠᠢ ᠤᠬᠤᠷ ᠮᠡᠳᠡᠭᠡ ᠰᠠᠨᠠᠭᠤᠯᠤᠮᠵᠢ ᠨᠡᠶᠢᠳᠡᠯᠡᠪᠡ
ᠨᠡᠶᠢᠲᠡᠯᠡᠭᠰᠡᠨ ᠴᠠᠭ᠄
2024/7/18
     ᠣᠶᠢᠷ᠎ᠠ ᠳᠤ᠂ ᠴᠥᠭᠡᠨ ᠪᠤᠰᠤ ᠬᠡᠷᠡᠭᠯᠡᠭᠴᠢᠳ ᠪᠠᠩᠬᠢ ᠶᠢᠨ ᠶᠠᠪᠤᠭᠤᠯᠤᠭᠰᠠᠨ ᠣᠬᠤᠷ ᠮᠡᠳᠡᠭᠡᠨ ᠤ ᠰᠠᠨᠠᠭᠤᠯᠤᠮᠵᠢ ᠶᠢ ᠤᠯᠪᠠ᠂ ᠣᠬᠤᠷ ᠮᠡᠳᠡᠭᠡᠨ ᠳᠤ᠂ ᠪᠠᠩᠬᠢ ᠳᠤ 5 ᠵᠢᠯ ᠪᠤᠯᠵᠤ ᠪᠠᠶᠢᠭ᠎ᠠ ᠪᠤᠶᠤ 5 ᠵᠢᠯ ᠠᠴᠠ ᠳᠡᠭᠡᠭᠰᠢ ᠵᠢᠯ ᠪᠤᠯᠵᠤ ᠪᠠᠶᠢᠭ᠎ᠠ ᠬᠠᠳᠠᠭᠠᠯᠠᠮᠵᠢ ᠶᠢᠨ ᠲᠠᠩᠰᠠᠨ ᠮᠦᠡᠭᠭᠦ ᠪᠠᠨ ᠰᠠᠨᠠᠭᠠᠴᠢᠯᠠᠭ᠎ᠠ ᠠᠴᠠ ᠪᠠᠨ ᠬᠡᠷᠡᠭᠯᠡᠭᠰᠡᠨ ᠥᠬᠡᠶ ᠪᠤᠯᠪᠠᠴᠤ ᠲᠠᠩᠰᠠᠨ ᠲᠡᠭᠡᠷ᠎ᠡ ᠨᠢ ᠮᠥᠨ ᠬᠦ ᠦᠯᠡᠳᠡᠪᠦᠷᠢ ᠲᠠᠢ ᠪᠠᠶᠢᠭ᠎ᠠ ᠪᠤᠯ ᠴᠠᠭ ᠲᠤᠬᠠᠶ ᠳᠤᠨᠢ ᠰᠢᠢᠳᠪᠦᠷᠢᠯᠡᠬᠦ ᠴᠢᠬᠤᠯᠠᠲᠠᠶ ᠭᠡᠵᠦ ᠰᠠᠨᠠᠭᠤᠯᠪᠠ᠃ ᠡᠨᠡ ᠪᠣᠯ ᠮᠥᠩᠭᠦᠨ ᠬᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠯᠣᠭᠤᠳᠣᠯᠭ᠎ᠠ ᠳᠤᠤᠷ᠎ᠠ᠂ ᠣᠶᠢᠷ᠎ᠠ ᠳᠤ ᠡᠯ᠎ᠡ ᠪᠠᠩᠬᠢ ᠶᠢᠨ ᠬᠢᠨ ︽ᠭᠡᠷᠡᠭᠯᠡᠬᠦ ᠦᠭᠡᠢ ᠪᠠᠶᠢᠭ᠎ᠠ ᠲᠠᠩᠰᠠᠨ ᠡᠷᠦᠬᠡ︾ ᠳᠤ ᠰᠠᠨᠠᠭᠤᠯᠬᠤ ᠠᠵᠢᠯ ᠢ ᠬᠤᠶᠢᠨ᠎ᠠ ᠬᠤᠶᠢᠨ᠎ᠠ ᠠᠴᠠ ᠪᠠᠨ ᠥᠷᠨᠢᠭᠦᠯᠵᠦ ᠪᠠᠶᠢᠭ᠎ᠠ ᠶᠠᠪᠤᠳᠠᠯ ᠪᠣᠯᠤᠨ᠎ᠠ᠃ 7 ᠰᠠᠷ᠎ᠠ ᠶᠢᠨ 10 ᠤ ᠡᠳᠦᠷ ᠰᠢᠦᠳᠠᠨ ᠬᠠᠳᠠᠭᠠᠯᠠᠮᠵᠢ ᠶᠢᠨ ᠪᠠᠩᠬᠢ ᠵᠣᠬᠢᠶᠠᠯ ᠨᠡᠶᠢᠲᠡᠯᠡᠵᠦ ᠬᠡᠷᠡᠭᠯᠡᠭᠴᠢᠳ ᠲᠤ ︽ᠭᠡᠷᠡᠭᠯᠡᠬᠦ ᠦᠭᠡᠢ ᠪᠠᠶᠢᠭ᠎ᠠ ᠳᠠᠩᠰᠠᠨ ᠡᠷᠦᠬᠡ︾ ᠶᠢᠨ ᠲᠤᠬᠠᠶ ᠠᠩᠬᠠᠷᠤᠭᠤᠯᠵᠠᠢ᠃ 7 ᠰᠠᠷ᠎ᠠ ᠶᠢᠨ 4 ᠤ ᠡᠳᠦᠷ ᠵᠠᠮ ᠬᠠᠷᠢᠯᠴᠠᠭᠠᠨ ᠤ ᠪᠠᠩᠬᠢ ᠶᠢᠨ ᠬᠢᠨ᠂ 7 ᠰᠠᠷ᠎ᠠ ᠶᠢᠨ 10 ᠤ ᠡᠳᠦᠷ ᠠᠴᠠ ᠡᠬᠢᠯᠡᠨ ᠭᠡᠷᠡᠭᠯᠡᠬᠦ ᠦᠭᠡᠢ ᠪᠠᠶᠢᠭ᠎ᠠ ᠺᠠᠷᠲ ᠢ ᠴᠡᠪᠡᠷᠯᠡᠨ᠎ᠡ ᠭᠡᠵᠡᠶ᠃ ᠯᠦᠩᠵᠢᠶᠠᠩ ᠪᠠᠩᠬᠢ᠂ ᠰᠦᠢᠨᠢᠩ ᠤᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠵᠡᠷᠭᠡ ᠣᠷᠣᠨ ᠨᠤᠲᠤᠭ ᠤᠨ ᠳᠤᠮᠳᠠ ᠪᠠᠭ᠎ᠠ ᠵᠡᠷᠭᠡ ᠶᠢᠨ ᠪᠠᠩᠬᠢ ᠴᠤ ︽ᠭᠡᠷᠡᠭᠯᠡᠬᠦ ᠦᠭᠡᠢ ᠪᠠᠶᠢᠭ᠎ᠠ ᠲᠠᠩᠰᠠᠨ ᠡᠷᠦᠬᠡ︾ ᠶᠢ ᠴᠡᠪᠡᠷᠯᠡᠬᠦ ᠠᠵᠢᠯ ᠢ ᠢᠳᠡᠪᠬᠢᠲᠡᠶ ᠥᠷᠨᠢᠭᠦᠯᠬᠦ ᠲᠤᠬᠠᠢ ᠰᠠᠨᠠᠭᠤᠯᠤᠮᠵᠢ ᠠᠯᠪᠠᠨ ᠵᠠᠷ ᠨᠡᠶᠢᠲᠡᠯᠡᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号