7 ᠰᠠᠷ᠎ᠠ ᠶᠢᠨ 15 ᠤ ᠡᠳᠦᠷ ᠠᠴᠠ ᠡᠬᠢᠯᠡᠨ ᠰᠢᠨ᠎ᠡ ᠲᠢᠲᠢᠮᠯᠢᠭ ᠡᠪᠡᠳᠴᠢᠨ ᠤ ᠸᠢᠷᠦ᠋ᠰ ᠤᠨ ᠸᠠᠺᠼᠢᠨ ᠤ ᠲᠠᠷᠢᠯᠭ᠎ᠠ ᠶᠢ ᠦᠪᠡᠷ ᠤᠨ ᠰᠦᠢᠳᠭᠡᠯ ᠢᠶᠠᠷ ᠢᠶᠠᠨ ᠲᠠᠷᠢᠨ᠎ᠠ
ᠨᠡᠶᠢᠲᠡᠯᠡᠭᠰᠡᠨ ᠴᠠᠭ᠄
2024/7/18
      ᠣᠶᠢᠷ᠎ᠠ ᠳᠤ᠂ ᠣᠯᠠᠨ ᠭᠠᠵᠠᠷ ᠤᠨ ᠡᠮᠨᠡᠯᠭᠡ ᠶᠢᠨ ᠬᠤᠷᠢᠶ᠎ᠠ ᠵᠢᠴᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠮᠡᠳᠡᠭᠳᠡᠯ ᠨᠡᠶᠢᠲᠡᠯᠡᠵᠦ᠂ 2024 ᠣᠨ ᠤ 7 ᠰᠠᠷ᠎ᠠ ᠶᠢᠨ 15 ᠤ ᠡᠳᠦᠷ ᠠᠴᠠ ᠡᠬᠢᠯᠡᠨ᠂ ᠰᠢᠨ᠎ᠡ ᠲᠢᠲᠢᠮᠯᠢᠭ ᠡᠪᠡᠳᠴᠢᠨ ᠤ ᠸᠢᠷᠦ᠋ᠰ ᠤᠨ ᠸᠠᠺᠼᠢᠨ ᠤ ᠲᠠᠷᠢᠯᠭ᠎ᠠ ᠶᠢ ᠰᠦᠢᠳᠭᠡᠯ ᠬᠤᠷᠢᠶᠠᠬᠤ ᠥᠬᠡᠶ ᠪᠠᠷ ᠳᠠᠷᠢᠬᠤ ᠲᠥᠷᠥ ᠶᠢᠨ ᠪᠣᠳᠣᠯᠭ᠎ᠠ ᠶᠢ ᠥᠪᠡᠷ ᠤᠨ ᠰᠦᠢᠳᠭᠡᠯ ᠢᠶᠠᠷ ᠢᠶᠠᠨ ᠲᠠᠷᠢᠬᠤ ᠪᠤᠯᠭᠠᠨ ᠳᠣᠭᠢᠷᠠᠭᠤᠯᠤᠨ᠎ᠡ ᠬᠡᠪᠡ᠃      7 ᠰᠠᠷ᠎ᠠ ᠶᠢᠨ 11 ᠤ ᠡᠳᠦᠷ᠂ ᠠᠷᠠᠳ ᠤᠨ ᠡᠳᠦᠷ ᠤᠨ ᠰᠣᠨᠢᠨ ᠤ ᠡᠷᠡᠭᠦᠯ ᠮᠡᠨᠳᠦ ᠶᠢᠨ ᠵᠤᠴᠢᠨ ᠡᠷᠦᠬᠡ ᠶᠢᠨ ᠰᠤᠪᠠᠭ ᠤᠨ ᠰᠤᠷᠪᠤᠯᠵᠢᠯᠠᠭᠴᠢ ᠪᠡᠭᠡᠵᠢᠩ᠂ ᠰᠧᠴᠤᠸᠠᠨ᠂ ᠹᠦᠵᠢᠶᠠᠨ᠂ ᠱᠠᠨᠳᠦ᠋ᠩ ᠵᠡᠷᠭᠡ ᠭᠠᠵᠠᠷ ᠤᠨ ᠡᠮᠨᠡᠯᠭᠡ ᠶᠢᠨ ᠬᠤᠷᠢᠶ᠎ᠠ ᠵᠢᠴᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠴᠠ ᠣᠢᠯᠠᠭᠠᠬᠰᠠᠨ ᠢᠶᠠᠷ᠂ ᠳᠡᠭᠡᠳᠦ ᠱᠠᠲᠤᠨ ᠤ ᠮᠡᠳᠡᠭᠳᠡᠯ ᠢ ᠦᠨᠡᠨ ᠬᠦ ᠤᠯᠵᠠᠢ᠂ ᠮᠡᠳᠡᠭᠳᠡᠯ ᠳᠤ 7 ᠰᠠᠷ᠎ᠠ ᠶᠢᠨ 15 ᠤ ᠡᠳᠦᠷ ᠠᠴᠠ ᠡᠬᠢᠯᠡᠨ ᠰᠢᠨ᠎ᠡ ᠲᠢᠲᠢᠮᠯᠢᠭ ᠡᠪᠡᠳᠴᠢᠨ ᠤ ᠸᠢᠷᠦ᠋ᠰ ᠤᠨ ᠸᠠᠺᠼᠢᠨ ᠤ ᠲᠠᠷᠢᠯᠭ᠎ᠠ ᠶᠢ ᠰᠦᠢᠳᠭᠡᠯ ᠬᠤᠷᠢᠶᠠᠬᠤ ᠦᠭᠡᠢ ᠪᠠᠷ ᠲᠠᠷᠢᠬᠤ ᠪᠠᠨ ᠪᠤᠯᠢᠨ᠎ᠠ ᠭᠡᠪᠡ᠂ ᠭᠡᠪᠡᠴᠦ ᠲᠠᠷᠠᠭ᠎ᠠ ᠪᠠᠷ ᠶᠠᠭᠠᠬᠢᠵᠦ ᠰᠦᠢᠳᠭᠡᠯ ᠬᠤᠷᠢᠶᠠᠬᠤ ᠵᠡᠷᠭᠡ ᠪᠣᠳᠠᠲᠠᠢ ᠠᠷᠭ᠎ᠠ ᠬᠡᠮᠵᠢᠶ᠎ᠡ ᠶᠢᠨ ᠲᠤᠬᠠᠢ ᠲᠠᠬᠢᠨ ᠮᠡᠳᠡᠭᠳᠡᠯ ᠥᠭᠬᠦ ᠶᠢ ᠬᠦᠯᠢᠶᠡᠬᠦ ᠬᠡᠷᠡᠭᠲᠡᠢ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号