2024 ᠣᠨ ᠤ 7 ᠰᠠᠷ᠎ᠠ ᠶᠢᠨ 19 ᠤ ᠡᠳᠦᠷ ᠤᠨ ᠦᠳᠡ ᠶᠢᠨ ᠡᠮᠦᠨ᠎ᠡ᠂ ᠤᠳᠠᠨ ᠰᠡᠭᠦᠳᠡᠷᠲᠦ ᠵᠠᠮ ᠵᠡᠭᠡᠯᠢ | ᠭᠤᠳᠤᠮᠵᠢ ᠶᠢᠨ ᠨᠦᠬᠦᠷᠯᠡᠯ 20 ᠳ᠋ᠤᠭᠠᠷ ᠨᠡᠶᠢᠭᠡᠮ ᠲᠣᠭᠤᠷᠢᠭ ᠪᠡᠭᠡᠵᠢᠩ ᠤᠨ ᠬᠤᠸᠠ ᠴᠢᠩ ᠰᠠᠭᠤᠷᠢ ᠮᠥᠩᠭᠦᠨ ᠤ | ᠨᠡᠶᠢᠭᠡᠮᠯᠢᠭ ᠵᠢᠴᠢ ᠪᠢᠲ᠋ᠢᠶᠦ᠋ᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠲᠠᠢ ᠬᠠᠮᠲᠤᠷᠠᠨ | ᠨᠦᠬᠦᠷᠯᠡᠯ 20 ᠳ᠋ᠤᠭᠠᠷ ᠨᠡᠶᠢᠭᠡᠮ ᠲᠣᠭᠤᠷᠢᠭ ᠤᠨ ᠨᠠᠮ ᠤᠨ ᠬᠡᠰᠢᠬᠦᠨ ᠪᠠ ᠣᠯᠠᠨ ᠲᠦᠮᠡᠨ ᠤ ᠦᠶᠯᠡᠴᠢᠯᠡᠭᠡᠨ ᠤ | ᠲᠥᠪ ᠲᠤ ︽ᠲᠤᠰᠬᠠᠶ ᠮᠡᠷᠭᠡᠵᠢᠯᠲᠡᠨ ᠤ ᠠᠯᠪᠠᠨ ᠵᠢᠷᠤᠮ ᠤᠨ ᠡᠮᠴᠢᠯᠡᠭᠡ ᠶᠢ ᠨᠡᠶᠢᠭᠡᠮ ᠲᠣᠭᠤᠷᠢᠭ ᠲᠤ | ᠶᠠᠪᠤᠬᠳᠠᠭᠤᠯᠵᠤ᠂ ᠠᠷᠠᠳ ᠤᠯᠠᠨ ᠤ ᠡᠷᠡᠭᠦᠯ ᠮᠡᠨᠳᠦ ᠶᠢ ︿ᠡᠮᠴᠢᠯᠡᠬᠡᠨ ᠤ ᠲᠦᠰᠢᠭ﹀ ᠲᠠᠢ ᠪᠤᠯᠭᠠᠬᠤ︾ ᠨᠡᠶᠢᠭᠡᠮ | ᠲᠣᠭᠤᠷᠢᠭ ᠤᠨ ᠲᠠᠷᠢᠬᠢᠨ ᠤ ᠡᠪᠡᠳᠴᠢᠨ ᠢ ᠰᠢᠭᠰᠢᠨ ᠪᠠᠶᠢᠴᠠᠭᠠᠬᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ | ᠥᠷᠨᠢᠭᠦᠯᠪᠡ᠃ | | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠡᠭᠡᠵᠢᠩ ᠤᠨ ᠲᠠᠷᠢᠬᠢᠨ ᠤ ᠰᠠᠯᠠᠭᠠᠨ ᠤ ᠲᠤᠰᠬᠠᠶ ᠮᠡᠷᠭᠡᠵᠢᠯᠲᠡᠨ | ᠠᠴᠠ ᠫᠠᠷᠺᠢᠨᠰᠧᠨ ᠡᠪᠡᠳᠴᠢᠨ᠂ ᠣᠨᠴᠠ ᠡᠭᠦᠰᠬᠦ ᠴᠢᠨᠠᠷᠲᠠᠶ ᠴᠡᠴᠡᠷᠡᠬᠦ᠂ ᠲᠠᠷᠢᠬᠢ ᠲᠠᠮᠪᠠᠷᠠᠬᠤ᠂ ᠲᠠᠯ᠎ᠠ ᠪᠡᠶ᠎ᠡ | ᠲᠠᠮᠪᠠᠷᠠᠬᠤ᠂ ᠰᠠ ᠳᠠᠭᠠᠷᠢᠬᠤ᠂ ᠤᠨᠠᠳᠠᠭ ᠡᠪᠡᠳᠴᠢᠨ᠂ ᠲᠠᠷᠢᠬᠢᠨ ᠤ ᠭᠠᠳᠠᠷ ᠰᠢᠷᠬ᠎ᠠ ᠶᠢᠨ ᠠᠷᠬᠠᠭ᠂ ᠲᠠᠷᠢᠬᠢᠨ ᠳᠤ | ᠴᠢᠰᠤ ᠭᠠᠷᠤᠭᠰᠠᠨ ᠠᠷᠬᠠᠭ᠂ ᠲᠠᠷᠢᠬᠢᠨ ᠤ ᠲᠦᠭᠵᠢᠷᠡᠯ ᠤᠨ ᠠᠷᠬᠠᠭ᠂ ᠭᠠᠪᠠᠯᠠ ᠲᠠᠷᠢᠬᠢᠨ ᠤ ᠭᠡᠮᠲᠦᠯ᠂ ᠮᠡᠳᠡᠷᠡᠯ ᠤᠨ | ᠰᠢᠰᠲ᠋ᠧᠮ ᠤᠨ ᠡᠪᠡᠳᠴᠢᠨ ᠵᠢᠴᠢ ᠬᠠᠮᠢᠶ᠎ᠠ ᠪᠥᠬᠦᠶ ᠡᠪᠡᠳᠴᠢᠨ ᠡᠮᠭᠡᠭ ᠢ ᠡᠷᠡᠭᠦᠯᠵᠢᠭᠦᠯᠬᠦ ᠡᠮᠴᠢᠯᠡᠭᠡᠨ ᠤ | ᠵᠢᠯᠣᠭᠤᠳᠣᠯᠭ᠎ᠠ ᠬᠢᠵᠦ᠂ ᠰᠠᠭᠤᠭᠠᠯᠢ ᠠᠷᠠᠳ ᠨᠢᠭᠡᠪᠦᠷᠢ ᠶᠢ ᠬᠦᠯᠢᠴᠡᠩᠭᠦᠶ ᠨᠠᠷᠢᠨ ᠨᠢᠮᠪᠠᠶ ᠪᠠᠶᠢᠴᠠᠭᠠᠵᠤ᠂ ᠰᠠᠭᠤᠭᠠᠯᠢ | ᠠᠷᠠᠳ ᠤᠨ ᠪᠡᠶ᠎ᠡ ᠶᠢᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠳᠤ ᠲᠤᠰᠬᠠᠶ ᠮᠡᠷᠭᠡᠵᠢᠯ ᠤᠨ ᠡᠷᠡᠭᠦᠯ ᠮᠡᠨᠳᠦ ᠶᠢᠨ | ᠰᠠᠨᠠᠭᠤᠯᠭ᠎ᠠ ᠪᠠ ᠡᠮᠨᠡᠨ ᠵᠠᠰᠠᠬᠤ ᠲᠥᠰᠦᠯ ᠬᠠᠩᠭᠠᠪᠠ᠃ ᠠᠵᠢᠯᠯᠠᠭ᠎ᠠ ᠳᠤ ᠣᠷᠣᠯᠴᠠᠭᠰᠠᠨ ᠡᠪᠡᠳᠴᠢᠲᠡᠨ ᠪᠠ ᠬᠡᠷ | ᠪᠦᠯᠢ ᠶᠢᠨ ᠬᠢᠨ ᠢᠯᠡᠷᠬᠡᠶᠢᠯᠡᠬᠦ ᠳᠡᠭᠡᠨ᠂ ᠪᠡᠭᠡᠵᠢᠩ ᠤᠨ ᠲᠤᠰᠬᠠᠶ ᠮᠡᠷᠭᠡᠵᠢᠯᠲᠡᠨ ᠤ ᠰᠦᠶᠳᠬᠡᠯ ᠬᠤᠷᠢᠶᠠᠬᠤ | ᠥᠬᠡᠶ ᠪᠠᠷ ᠨᠢᠭᠤᠷᠳᠠᠨ ᠡᠮᠨᠡᠭᠦᠯᠬᠦ ᠲᠣᠬᠢᠶᠠᠯ ᠮᠠᠰᠢ ᠬᠤᠪᠣᠷ ᠨᠠᠨᠳᠢᠨ ᠪᠠᠶᠢᠵᠤ᠂ ᠲᠤᠰ ᠤᠳᠠᠭ᠎ᠠ ᠶᠢᠨ ᠠᠵᠢᠯᠯᠠᠭ᠎ᠠ ᠪᠠᠷ | ᠳᠡᠮᠵᠢᠨ ᠮᠠᠰᠢ ᠣᠯᠠᠨ ᠠᠰᠢᠭ ᠭᠥᠷᠳᠡᠵᠡᠶ᠃ ᠲᠡᠷᠡ ᠮᠥᠷᠲᠡᠭᠡᠨ ᠡᠮᠴᠢ ᠰᠤᠪᠢᠯᠠᠭᠴᠢ ᠶᠢᠨ ᠲᠤᠰᠬᠠᠶ ᠮᠡᠷᠭᠡᠵᠢᠯ ᠤᠨ | ᠮᠡᠳᠡᠯᠭᠡ ᠪᠠ ᠬᠠᠯᠠᠭᠤᠮᠰᠤᠭ ᠳᠣᠲᠣᠨᠣ ᠣᠪᠣᠷ ᠨᠢ ᠴᠦ ᠣᠯᠠᠨ ᠳᠤ ᠬᠠᠯᠠᠭᠤᠨ ᠳᠤᠯᠠᠭᠠᠬᠠᠨ ᠰᠠᠨᠠᠬᠳᠠᠭᠤᠯᠵᠤ᠂ | ᠰᠠᠶᠢᠨ ᠦᠨᠡᠯᠡᠯᠲᠡ ᠥᠭᠭᠦᠭᠰᠡᠨ ᠪᠠᠶᠢᠨ᠎ᠠ᠃ | ᠲᠤᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠬᠠᠯᠠᠭᠤᠨ ᠬᠦᠷᠢᠶᠡᠯᠡᠯ ᠢ ᠣᠯᠵᠤ᠂ 20 ᠭᠠᠷᠤᠢ ᠤᠯᠠᠨ ᠲᠦᠮᠡᠨ ᠳᠤ ᠠᠰᠢᠭ ᠬᠦᠷᠲᠡᠭᠡᠪᠡ᠃ | ᠨᠥᠬᠦᠷᠯᠡᠯ 20 ᠳ᠋ᠤᠭᠠᠷ ᠨᠡᠶᠢᠭᠡᠮ ᠲᠣᠭᠤᠷᠢᠭ ᠪᠠᠶᠢᠭᠤᠯᠤᠭᠳᠠᠭᠰᠠᠨ ᠠᠴᠠ ᠨᠠᠭᠠᠰᠢ᠂ ᠨᠠᠮ ᠤᠨ ᠪᠠᠶᠢᠭᠤᠯᠤᠯᠲᠠ ᠪᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠠᠳ ᠲᠤ ᠪᠣᠳᠠᠲᠤ ᠶᠠᠪᠤᠳᠠᠯ ᠬᠢᠵᠦ ᠥᠭᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ︽ᠨᠠᠰᠤᠲᠠᠨ ᠪᠠ ᠨᠢᠯᠬᠠᠰ ᠲᠤ ᠦᠢᠯᠡᠴᠢᠯᠡᠬᠦ︾ ᠦᠢᠯᠡᠴᠢᠯᠡᠭᠡᠨ ᠤ ᠬᠡᠯᠪᠡᠷᠢ ᠶᠢᠨ ᠨᠡᠶᠢᠭᠡᠮ | ᠲᠣᠭᠤᠷᠢᠭ ᠢ ᠴᠢᠷᠮᠠᠶᠢᠨ ᠪᠠᠶᠢᠭᠤᠯᠵᠤ᠂ ᠤᠯᠠᠨ ᠤᠳᠠᠭ᠎ᠠ ᠬᠠᠷᠢᠶ᠎ᠠ ᠲᠣᠭᠤᠷᠢᠭ ᠤᠨ ᠰᠢᠯᠢᠳᠡᠭ ᠡᠮᠴᠢᠯᠡᠭᠡᠨ ᠤ ᠡᠬᠢ | ᠪᠠᠶᠠᠯᠢᠭ ᠢ ᠨᠡᠶᠢᠭᠡᠮ ᠲᠣᠭᠤᠷᠢᠭ ᠲᠤ ᠬᠦᠷᠭᠡᠵᠦ᠂ ᠰᠠᠭᠤᠭᠠᠯᠢ ᠠᠷᠠᠳ ᠲᠠᠢ ᠣᠶᠢᠷᠠᠳᠴᠤ ᠠᠯᠪᠠᠨ ᠵᠢᠷᠤᠮ ᠤᠨ | ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠲᠤ ᠨᠢᠭᠤᠷᠳᠠᠨ ᠬᠠᠨᠳᠤᠭᠰᠠᠨ᠂ ᠤᠶᠢᠷ᠎ᠠ ᠵᠠᠢ ᠶᠢᠨ | ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠤᠯᠠᠨ ᠢᠶᠠᠷ ᠢᠶᠠᠨ ᠬᠡᠷ ᠤᠨ ᠡᠬᠦᠳᠡᠨ ᠳᠡᠭᠡᠨ ︽ᠲᠤᠰᠬᠠᠢ | ᠮᠡᠷᠭᠡᠵᠢᠯᠲᠡᠨ ᠤ ᠳ᠋ᠤᠭᠠᠷ︾ ᠢ ᠦᠨᠡᠨ ᠬᠦ ᠡᠳ᠋ᠯᠡᠵᠦ᠂ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠦᠨᠡᠨ ᠬᠦ | ᠮᠡᠳᠡᠷᠡᠭᠦᠯᠪᠡ᠃ ᠵᠠᠯᠭᠠᠭᠠᠳ᠂ ᠨᠥᠬᠦᠷᠯᠡᠯ 20 ᠳ᠋ᠤᠭᠠᠷ ᠨᠡᠶᠢᠭᠡᠮ ᠲᠣᠭᠤᠷᠢᠭ ᠨᠢ ᠠᠷᠠᠳ ᠲᠤ ᠲᠥᠬᠦᠮ ᠦᠵᠡᠭᠦᠯᠬᠦ | ᠠᠯᠢ ᠣᠯᠠᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠷᠢᠶ᠎ᠠ | ᠣᠷᠣᠨ ᠤ ᠰᠠᠭᠤᠭᠠᠯᠢ ᠠᠷᠠᠳ ᠲᠤ ᠨᠠᠩ ᠳᠥᠭᠦᠮ ᠲᠦᠷᠬᠡᠨ᠂ ᠴᠢᠨᠠᠷ ᠰᠠᠶᠢᠲᠠᠶ᠂ ᠳᠣᠲᠣᠨᠣ ᠦᠶᠯᠡᠴᠢᠯᠡᠭᠡ | ᠬᠠᠩᠭᠠᠵᠤ᠂ ᠨᠠᠩ ᠣᠯᠠᠨ ᠴᠢᠨᠠᠷ ᠰᠠᠶᠢᠲᠠᠶ ᠡᠬᠢ ᠪᠠᠶᠠᠯᠢᠭ ᠢ ᠰᠠᠭᠤᠭᠠᠯᠢ ᠠᠷᠠᠳ ᠤᠨ ︽ᠬᠡᠷ ᠤᠨ ᠡᠭᠦᠳᠡᠨ︾ ᠳᠤ | ᠰᠢᠭᠤᠳ ᠬᠦᠷᠭᠡᠨ᠎ᠡ᠃ |