| 7 ᠰᠠᠷ᠎ᠠ ᠶᠢᠨ 19 ᠤ ᠡᠳᠦᠷ ᠬᠥᠮᠦᠰ ᠤᠨ ᠬᠦᠰᠡᠨ ᠬᠦᠯᠢᠶᠡᠭᠰᠡᠨ ᠠᠷᠪᠠᠨ ᠵᠢᠷᠭᠤᠳᠤᠭᠠᠷ ᠬᠤᠭᠤᠴᠠᠭᠠᠨ ᠤ ︽ | ᠭᠠᠶᠢᠬᠠᠮᠰᠢᠬᠲᠦ ᠬᠥᠨᠳᠡᠯᠡᠨ︾ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠨᠠᠶᠢᠷ ᠵᠢᠴᠢ ︽ᠲᠠᠪᠤᠳᠤᠭᠠᠷ | ᠬᠤᠭᠤᠴᠠᠭᠠᠨ ᠤ ᠳᠤᠮᠳᠠᠳᠤ ᠤᠯᠤᠰ ᠤᠨ ᠪᠠᠩᠬᠢ · ᠶᠠᠨ ᠵᠢᠩ ᠤᠨ ᠰᠢᠤᠸᠠᠢ ᠯᠦ ᠫᠢᠸᠤ᠋ ᠶᠢᠨ ᠨᠠᠶᠢᠷ︾ ᠡᠬᠢᠯᠡᠪᠡ︕ | | ᠲᠣᠰ ᠬᠤᠭᠤᠴᠠᠭᠠᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠨᠠᠶᠢᠷ ᠵᠢᠴᠢ ᠫᠢᠸᠤ᠋ ᠶᠢᠨ ᠨᠠᠶᠢᠷ ᠢ | ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠥᠨᠳᠡᠯᠡᠨ | ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠨᠳᠡᠯᠡᠨ ᠲᠣᠭᠤᠷᠢᠭ ᠤᠨ ᠰᠣᠶᠣᠯ ᠪᠡᠶ᠎ᠡ ᠶᠢᠨ | ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠲᠡᠮᠵᠢᠵᠦ᠂ ᠶᠠᠨ ᠵᠢᠩ ᠫᠢᠸᠤ᠋ ︵ᠪᠤᠭᠤᠲᠤ ᠶᠢᠨ | ᠰᠢᠤᠸᠠᠢ ᠯᠦ︶ ᠶᠢᠨ ᠬᠤᠪᠢᠴᠠᠭᠠᠲᠦ ᠬᠢᠵᠠᠭᠠᠷᠲᠤ ᠺᠣᠮᠫᠠᠨᠢ ᠥᠪᠥᠷ ᠮᠣᠩᠭᠤᠯ ᠤᠨ ᠪᠢ ᠮᠠ ᠸᠧᠨ ᠰᠣᠶᠣᠯ | ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠳᠠᠭᠠᠭᠠᠴᠢᠯᠠᠨ ᠡᠷᠭᠢᠯᠡᠭᠰᠡᠨ ᠪᠥᠭᠡᠳ ᠳᠤᠮᠳᠠᠳᠤ | ᠤᠯᠤᠰ ᠤᠨ ᠪᠠᠩᠬᠢ ᠶᠢᠨ ᠬᠦᠴᠦᠲᠡᠶ ᠳᠡᠮᠵᠢᠯᠭᠡ ᠶᠢ ᠤᠯᠪᠠ᠃ | | | ᠰᠣᠶᠣᠯ ᠪᠠᠶ᠎ᠠ ᠶᠢᠨ ᠲᠠᠮᠢᠷ ᠵᠢᠭᠤᠯᠴᠢᠯᠠᠯ ᠤᠨ ᠨᠠᠶᠢᠷ | | | ᠠᠵᠢᠯᠯᠠᠭ᠎ᠠ ᠡᠬᠢᠯᠡᠭᠰᠡᠨ ᠲᠤᠬᠠᠢ ᠶᠢᠨ ᠡᠳᠦᠷ ᠤᠨ ᠦᠳᠡᠰᠢ᠂ ᠦᠵᠡᠰᠬᠦᠯᠡᠩᠲᠦ ᠰᠠᠶᠢᠬᠠᠨ ᠬᠥᠨᠳᠡᠯᠡᠨ | ᠲᠣᠭᠤᠷᠢᠭ ᠤᠨ ᠫᠢᠸᠤ᠋ ᠶᠢᠨ ᠴᠡᠴᠡᠷᠯᠢᠭ ᠲᠤ ᠦᠩᠬᠡᠲᠦ ᠳ᠋ᠧᠩ ᠲᠤᠸᠠᠯᠠᠨ ᠢᠷᠠᠭᠤ ᠰᠠᠶᠢᠬᠠᠨ ᠬᠥᠭᠵᠢᠮ ᠤᠨ ᠠᠶ᠎ᠠ | ᠴᠤᠤᠷᠢᠶᠠᠳᠤᠵᠤ ᠰᠢᠯᠦᠭ ᠤᠨ ᠲᠤᠳᠤᠷᠠᠬᠢ ᠵᠢᠷᠤᠭ ᠰᠢᠭ᠋ ᠬᠠᠷᠠᠬᠳᠠᠨ᠎ᠠ᠃ ᠫᠢᠸᠤ᠋ ᠶᠢᠨ ᠲᠤᠮᠤ ᠰᠠᠷᠠᠪᠴᠢᠨ ᠳᠤ | ᠬᠤᠭᠤᠰᠣᠨ ᠣᠷᠣ ᠦᠭᠡᠢ ᠪᠤᠯᠳᠠᠯ᠎ᠠ ᠰᠠᠭᠤᠯᠴᠠᠵᠤ᠂ ᠬᠥᠮᠦᠰ ᠬᠤᠨᠳᠠᠭ᠎ᠠ ᠡᠷᠭᠦᠨ ᠤᠤᠭᠤᠵᠤ᠂ ᠰᠡᠷᠢᠭᠦᠨ ᠲᠠᠭᠠᠳᠠᠢ | ᠪᠠᠶᠠᠷ ᠪᠠᠶᠠᠰᠤᠯ ᠢ ᠬᠠᠨᠲᠠᠯ᠎ᠠ ᠡᠳ᠋ᠯᠡᠨ᠎ᠡ᠃ ᠠᠮᠲᠠᠲᠤ ᠢᠳᠡᠭᠡᠨ ᠤ ᠲᠤᠭᠤᠷᠢᠭ ᠲᠤ᠂ ᠡᠯ᠎ᠡ ᠵᠦᠶᠯ ᠤᠨ ᠣᠨᠴᠠᠯᠢᠭᠲᠤ | ᠢᠳᠡᠭᠡᠨ ᠬᠠᠷᠠᠭ᠎ᠠ ᠲᠦᠬᠦᠷᠡᠩ ᠲᠡᠯᠭᠡᠭᠳᠡᠵᠤ᠂ ᠡᠷᠬᠡ ᠦᠬᠡᠢ ᠬᠦᠮᠦᠰ ᠤᠨ ᠠᠩᠬᠠᠷᠤᠯ ᠢ ᠲᠠᠳᠠᠨ᠎ᠠ᠃ ᠲᠠᠶᠢᠰᠠᠨ | ᠳᠡᠭᠡᠷ᠎ᠡ᠂ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠬᠤᠶᠢᠨ᠎ᠠ ᠬᠤᠶᠢᠨ᠎ᠠ ᠠᠴᠠ ᠪᠠᠨ ᠢᠯᠡᠷᠡᠵᠦ᠂ | ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠬᠦᠷ ᠨᠡᠷᠬᠢᠶᠡᠨ ᠢᠶᠠᠷ ᠪᠢᠯᠬᠠᠭᠤᠯᠪᠠ᠃ | | | | ᠦᠩᠬᠡᠲᠦ ᠳ᠋ᠧᠩ ᠬᠡᠷᠡᠯᠳᠦᠨ ᠳᠤᠸᠠᠯᠠᠵᠤ᠂ ᠳᠠᠭᠤᠤ ᠬᠥᠭᠵᠢᠮ ᠬᠠᠩᠬᠢᠨᠠᠨ᠂ ᠫᠢᠸᠤ᠋ ᠶᠢᠨ ᠠᠩᠬᠢᠯᠤᠮ᠎ᠠ | ᠦᠨᠦᠷ᠂ ᠠᠮᠲᠠᠲᠤ ᠢᠳᠡᠭᠡᠨ ᠤ ᠠᠩᠬᠢᠯᠤᠮ᠎ᠠ ᠦᠨᠦᠷ ᠵᠦᠭ ᠪᠦᠷᠢ ᠠᠴᠠ ᠬᠠᠩᠬᠤᠯᠤᠨ᠎ᠠ᠃ ᠲᠤᠬᠠᠶ ᠶᠢᠨ | ᠲᠠᠯᠠᠪᠠᠶ ᠨᠢ ᠪᠠᠶᠠᠷ ᠪᠠᠶᠠᠰᠬᠤᠯᠠᠩ ᠢᠶᠠᠷ ᠲᠦᠬᠦᠷᠴᠦ᠂ ᠥᠷᠭᠡᠨ ᠣᠯᠠᠨ ᠬᠤᠲᠠ ᠶᠢᠨ ᠠᠷᠠᠳ ᠫᠢᠸᠣ᠋ ᠪᠠᠷ | ᠳᠠᠮᠵᠢᠭᠤᠯᠤᠨ ᠵᠣᠨ ᠤ ᠤᠯᠠᠷᠢᠯ ᠤᠨ ᠤᠷᠬᠢᠯᠤᠮ᠎ᠠ ᠬᠠᠯᠠᠭᠤᠨ ᠰᠡᠳᠬᠢᠯᠭᠡ ᠶᠢ ᠢᠯᠡᠳᠬᠡᠵᠦ᠂ ᠡᠨᠡ ᠬᠦ ᠦᠪᠡᠳᠡᠭᠰᠢ | ᠨᠠᠶᠢᠷ ᠢ ᠬᠠᠮᠲᠤ ᠪᠠᠷ ᠡᠬᠢᠯᠡᠭᠦᠯᠵᠡᠶ᠃ | | | | | | | | ᠣᠶᠢᠯᠠᠭᠠᠭᠰᠠᠨ ᠢᠶᠠᠷ᠂ 7 ᠰᠠᠷ᠎ᠠ ᠶᠢᠨ 19 ᠤ ᠡᠳᠦᠷ ᠠᠴᠠ ᠡᠬᠢᠯᠡᠨ᠂ ᠠᠷᠪᠠᠨ ᠵᠢᠷᠭᠤᠳᠤᠭᠠᠷ | ᠬᠤᠭᠤᠴᠠᠭᠠᠨ ᠤ ︽ᠭᠠᠶᠢᠬᠠᠮᠰᠢᠬᠲᠦ ᠬᠥᠨᠳᠡᠯᠡᠨ︾ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠨᠠᠶᠢᠷ ᠤᠨ ᠰᠢᠷᠢᠰ | ᠠᠵᠢᠯᠯᠠᠭ᠎ᠠ ᠨᠢ 9 ᠰᠠᠷ᠎ᠠ ᠪᠣᠯᠲᠠᠯ᠎ᠠ ᠦᠷᠭᠦᠯᠵᠢᠯᠡᠵᠦ᠂ ᠠᠵᠢᠯᠯᠠᠭ᠎ᠠ ᠶᠢᠨ ᠬᠤᠭᠤᠴᠠᠭᠠᠨ ᠳᠤ ᠴᠤᠤ ᠡᠾᠧ ᠵᠡᠭᠡᠯᠢ | ᠶᠢᠨ ᠲᠣᠭᠤᠷᠢᠭ᠂ ᠠᠷᠠᠳ ᠠᠭᠤᠳᠠᠮ ᠲᠠᠯᠠᠪᠠᠶ᠂ ᠡᠯ᠎ᠡ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠤ ᠠᠭᠤᠳᠠᠮ | ᠲᠠᠯᠠᠪᠠᠶ ᠶᠢᠨ ᠪᠥᠵᠢᠭ ᠤᠨ ᠤᠷᠤᠯᠳᠤᠭᠠᠨ᠂ ᠮᠠᠯᠴᠢᠨ ᠲᠠᠷᠢᠶᠠᠴᠢᠨ ᠤ ᠲᠤᠰᠬᠠᠶ ᠲᠠᠯᠠᠪᠠᠢ ᠲᠣᠭᠯᠠᠯᠲᠠ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ | ᠲᠤᠬᠯᠠᠯᠳᠠ ᠵᠡᠷᠭᠡ ᠬᠡᠯᠪᠡᠷᠢ ᠠᠭᠤᠯᠭ᠎ᠠ ᠪᠠᠷ ᠪᠠᠶᠠᠯᠢᠭ ᠤᠷᠠᠨ ᠰᠠᠶᠢᠬᠠᠨ ᠤ ᠦᠵᠡᠭᠦᠯᠭᠡ ᠶᠢᠨ ᠲᠣᠭᠯᠠᠯᠲᠠ ᠪᠠ ᠵᠡᠭᠡᠯᠢ | ᠭᠤᠳᠤᠮᠵᠢ ᠶᠢᠨ ᠲᠠᠭᠤᠤ ᠬᠦᠭᠵᠢᠮ ᠤᠨ ᠦᠳᠡᠰᠢᠯᠡᠭᠡ ᠶᠢᠨ ᠰᠢᠷᠢᠰ ᠠᠵᠢᠯᠯᠠᠭ᠎ᠠ ᠶᠢ 175 ᠲᠠᠯᠠᠪᠠᠢ ᠡᠷᠭᠢᠯᠡᠬᠦ | ᠪᠣᠯᠤᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠᠷ ᠭᠤᠤᠯ ᠰᠡᠳᠦᠪ ᠪᠣᠯᠭᠠᠵᠤ᠂ ᠲᠤᠯᠤᠭᠠᠨ ᠬᠥᠮᠦᠨ ᠤ | ᠳᠦᠷᠢᠮᠲᠦ ᠰᠢᠶᠠᠨ ᠤ ᠬᠡᠪᠴᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ᠂ ᠠᠭᠤᠳᠠᠮ ᠲᠠᠯᠠᠪᠠᠶ ᠶᠢᠨ | ᠪᠥᠵᠢᠭ ᠤᠨ ᠤᠷᠤᠯᠳᠤᠭᠠᠨ ︵ᠬᠥᠨᠳᠡᠯᠡᠨ ᠲᠣᠭᠤᠷᠢᠭ ᠤᠨ ᠬᠤᠪᠢᠶᠠᠷᠢ ᠤᠷᠤᠯᠳᠤᠭᠠᠨ ᠤ ᠲᠠᠯᠠᠪᠠᠶ︶᠂ ᠪᠤᠭᠤᠲᠤ | ᠬᠤᠲᠠ ᠶᠢᠨ ᠲᠠᠪᠤᠳᠤᠭᠠᠷ ᠬᠤᠭᠤᠴᠠᠭᠠᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ | ᠴᠤᠬᠯᠠᠭᠠᠨ ᠵᠢᠴᠢ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠢᠭᠡᠳ ᠣᠯᠢᠮᠫᠢᠺ ᠤᠨ ᠲᠠᠮᠢᠷ ᠤᠨ ᠴᠤᠭᠯᠠᠭᠠᠨ | ᠬᠠᠮᠲᠤ ᠤᠷᠤᠭᠰᠢᠯᠠᠬᠤ︾ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠤᠨ ᠡᠬᠢᠯᠡᠯᠲᠡ ᠶᠢᠨ ᠶᠣᠰᠣᠯᠠᠯ᠂ ︽ | ᠵᠦᠩ ᡁᠢ ᠰᠢᠩ︾ ᠬᠤᠨᠳᠠᠭᠠᠲᠤ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠵᠢᠴᠢ 2024 ᠣᠨ ᠤ ︽ | ᠤᠯᠤᠰ ᠤᠨ ᠪᠥᠮᠪᠦᠭᠡ ᠶᠢ ᠨᠡᠶᠢᠭᠡᠮ ᠲᠣᠭᠤᠷᠢᠭ ᠲᠤ ᠣᠷᠣᠭᠤᠯᠬᠤ︾ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ | ᠭᠤᠤᠯ ᠰᠡᠳᠦᠪᠲᠦ ᠰᠢᠷᠢᠰ ᠠᠵᠢᠯᠯᠠᠭ᠎ᠠ᠂ ᠬᠥᠨᠳᠡᠯᠡᠨ ᠲᠣᠭᠤᠷᠢᠭ ᠤᠨ ᠨᠠᠰᠤᠲᠠᠶᠢᠴᠤᠳ ᠤᠨ ᠡᠭᠦᠳᠡᠨ ᠪᠥᠮᠪᠦᠭᠡ ᠶᠢᠨ | ᠤᠷᠤᠯᠳᠤᠭᠠᠨ ᠵᠡᠷᠭᠡ 30 ᠭᠠᠷᠤᠶ ᠲᠠᠯᠠᠪᠠᠶ ᠤᠷᠤᠯᠳᠤᠭᠠᠨ ᠤ ᠠᠵᠢᠯᠯᠠᠭ᠎ᠠ ᠶᠢ ᠡᠷᠬᠢᠯᠡᠨ᠎ᠡ᠃ | |