7 ᠰᠠᠷ᠎ᠠ ᠶᠢᠨ 19 ᠤ ᠡᠳᠦᠷ ᠪᠤᠭᠤᠲᠤ ᠶᠢᠨ ᠬᠠᠮ ᠵᠠᠭᠤᠴᠢᠯᠠᠭᠤᠷ ᠤᠨ ᠠᠩᠬᠠᠳᠤᠭᠠᠷ ᠬᠤᠭᠤᠴᠠᠭᠠᠨ ᠤ ᠮᠠᠰᠢᠨ ᠲᠡᠷᠭᠡᠨ ᠤ ᠦᠵᠡᠰᠬᠦᠯᠡᠩ ᠬᠥᠨᠳᠡᠯᠡᠨ ᠲᠣᠭᠤᠷᠢᠭ ᠤᠨ ᠠᠷᠠᠳ ᠠᠭᠤᠳᠠᠮ ᠲᠠᠯᠠᠪᠠᠢ ᠳᠤ ᠡᠬᠢᠯᠡᠪᠡ
ᠨᠡᠶᠢᠲᠡᠯᠡᠭᠰᠡᠨ ᠴᠠᠭ᠄
2024/7/23
     ᠠᠵᠢᠯᠯᠠᠭ᠎ᠠ ᠶᠢ ᠪᠤᠭᠤᠲᠤ ᠬᠤᠲᠠ ᠶᠢᠨ ᠬᠠᠮ ᠵᠠᠭᠤᠴᠢᠯᠠᠭᠤᠷ ᠤᠨ ᠲᠥᠪ᠂ ᠬᠥᠨᠳᠡᠯᠡᠨ ᠲᠣᠭᠤᠷᠢᠭ ᠤᠨ ᠵᠠᠰᠠᠭ ᠤᠨ ᠣᠷᠳᠣᠨ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠠᠮᠲᠤᠷᠠᠨ ᠡᠷᠬᠢᠯᠡᠪᠡ᠃ ᠳᠡᠯᠭᠡᠨ ᠦᠵᠡᠭᠦᠯᠬᠦ ᠲᠠᠯᠠᠪᠠᠶ ᠨᠢ ᠪᠠᠷᠤᠭ 1 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠰᠢᠲᠠᠭᠠᠯᠭ᠎ᠠ ᠶᠢᠨ ᠲᠣᠰᠣᠨ ᠤ ᠲᠡᠷᠭᠡ᠂ ᠰᠢᠨ᠎ᠡ ᠡᠨᠧᠷᠭᠢ ᠶᠢᠨ ᠮᠠᠰᠢᠨ᠂ ᠳᠤᠭᠤᠶ ᠲᠡᠷᠭᠡᠨ ᠤ ᠲᠦᠷᠦᠯ ᠲᠡᠮᠳᠡᠭ ᠵᠢᠴᠢ ᠳᠤᠮᠳᠠᠳᠤ ᠤᠯᠤᠰ ᠤᠨ ᠴᠢᠯᠠᠭᠤᠨ ᠲᠣᠰᠣ ᠵᠡᠷᠭᠡ 30 ᠭᠠᠷᠤᠶ ᠠᠵᠤ ᠠᠬᠤᠶᠢᠯᠠᠯ᠂ ᠬᠡᠳᠦᠨ ᠵᠠᠭᠤ ᠭᠠᠷᠤᠶ ᠵᠦᠶᠯ ᠤᠨ ᠬᠡᠯᠪᠡᠷᠢ ᠶᠢᠨ ᠲᠡᠷᠭᠡ ᠦᠵᠡᠭᠦᠯᠭᠡ ᠳᠤ ᠣᠷᠣᠯᠴᠠᠵᠤ᠂ ᠨᠡᠶᠢᠲᠡ 500 ᠭᠠᠷᠤᠶ ᠲᠡᠷᠭᠡ ᠶᠢ ᠲᠡᠯᠭᠡᠨ ᠦᠵᠡᠬᠦᠯᠵᠡᠢ᠃ ᠲᠣᠰ ᠤᠳᠠᠭᠠᠨ ᠤ ᠮᠠᠰᠢᠨ ᠲᠡᠷᠭᠡᠨ ᠤ ᠦᠵᠡᠰᠬᠦᠯᠡᠩ ᠤᠨ ᠡᠬᠢᠯᠡᠯᠲᠡ ᠶᠢᠨ ᠶᠣᠰᠣᠯᠠᠯ ᠳᠤ ︽ᠨᠡᠪᠲᠡᠷᠡᠭᠦᠯᠦᠭᠴᠢ ᠪᠠᠷᠠᠭ᠎ᠠ ᠲᠠᠨᠢᠯᠴᠠᠭᠤᠯᠵᠤ ᠬᠤᠳᠠᠯᠳᠤᠬᠤ︾ ᠵᠠᠭᠪᠤᠷ ᠢ ᠡᠭᠦᠳᠴᠦ᠂ ︽ᠪᠠᠷᠠᠭ᠎ᠠ︾ ᠶᠢ ︽ᠲᠡᠷᠭᠡ︾ ᠪᠣᠯᠭᠠᠨ ᠬᠤᠪᠢᠷᠠᠭᠤᠯᠪᠠ᠃ ᠠᠩᠬ᠎ᠠ ᠤᠳᠠᠭ᠎ᠠ ︽ᠲᠡᠷᠭᠡᠨ ᠦᠵᠡᠰᠬᠦᠯᠡᠩ ᠤᠨ ᠰᠦᠨᠢ︾  ᠶᠢᠨ    ᠬᠡᠯᠪᠡᠷᠢ ᠶᠢ ᠡᠭᠦᠳᠴᠦ᠂ ᠲᠡᠷᠭᠡᠨ ᠦᠵᠡᠰᠬᠦᠯᠡᠩ ᠤᠨ ᠵᠣᠨ ᠤ ᠤᠯᠠᠷᠢᠯ ᠤᠨ ᠳᠠᠭᠤᠤ ᠬᠥᠭᠵᠢᠮ ᠤᠨ ᠨᠠᠶᠢᠷ᠄ ᠮᠠᠰᠢᠨ ᠲᠡᠷᠭᠡᠨ ᠤ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ᠂ DJ ᠨᠠᠷᠭᠢᠯ ᠳᠠᠭᠤᠤ ᠬᠥᠭᠵᠢᠮ ᠤᠨ ᠦᠳᠡᠰᠢᠯᠡᠭᠡ ᠵᠡᠷᠭᠡ ᠠᠵᠢᠯᠯᠠᠭ᠎ᠠ ᠨᠢ ᠮᠠᠰᠢᠨ ᠲᠡᠷᠭᠡᠨ ᠤ ᠦᠵᠡᠰᠬᠦᠯᠡᠩ   ᠳᠤ ᠬᠦᠴᠦᠨ ᠨᠡᠮᠡᠷᠢᠯᠡᠵᠤ ᠪᠥᠬᠦ ᠡᠳᠦᠷ ᠢᠶᠠᠷ ᠳᠡᠯᠭᠡᠨ ᠦᠵᠡᠭᠦᠯᠵᠦ᠂ ᠬᠤᠳᠠᠯᠳᠤᠭᠠᠴᠢᠳ ᠲᠤ ᠣᠯᠠᠨ ᠠᠷᠭ᠎ᠠ ᠵᠠᠮ᠂ ᠣᠯᠠᠨ ᠴᠡᠭ ᠪᠦᠬᠦᠢ ᠪᠣᠷᠣᠯᠠᠭᠤᠯᠭ᠎ᠠ ᠶᠢᠨ ᠣᠷᠣᠨ ᠵᠠᠶ ᠬᠠᠩᠭᠠᠪᠠ᠃ ︵ᠲᠤᠰ ᠰᠡᠳᠬᠦᠯ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号