1. ᠲᠣᠰᠣᠨ ᠣᠲᠤᠭ᠎ᠠ ᠶᠢᠨ ᠮᠠᠰᠢᠨ ᠢᠶᠠᠨ ᠨᠡᠭᠡᠭᠡᠬᠦ ᠥᠬᠡᠶ ᠪᠤᠶᠤ ᠡᠷᠲᠡ ᠬᠠᠭᠠᠬᠤ | ᠲᠣᠰᠣᠨ ᠤᠲᠤᠭ᠎ᠠ ᠲᠠᠢ ᠣᠷᠴᠢᠨ ᠲᠣᠭᠤᠷᠢᠨ ᠳᠤ ᠤᠷᠲᠤ ᠬᠤᠭᠤᠴᠠᠭ᠎ᠠ ᠪᠠᠷ ᠪᠠᠶᠢᠪᠠᠯ ᠬᠤᠭᠤᠯᠠᠶ ᠶᠢᠨ | ᠦᠷᠪᠢᠰᠦᠯ᠂ ᠬᠠᠮᠠᠷ ᠤᠨ ᠦᠷᠪᠢᠰᠦᠯ᠂ ᠮᠥᠭᠡᠷᠰᠦᠨ ᠬᠤᠭᠤᠯᠠᠶ ᠶᠢᠨ ᠦᠷᠪᠢᠰᠦᠯ ᠵᠡᠷᠭᠡ ᠡᠪᠡᠳᠴᠢᠨ ᠢ ᠤᠯᠵᠤ | ᠮᠡᠳᠡᠨ᠎ᠡ᠂ ᠴᠢᠨᠠᠬᠰᠢᠯᠠᠪᠠᠯ ᠠᠭᠤᠰᠬᠢᠨ ᠥᠮᠡᠨ ᠢ ᠴᠤ ᠤᠯᠵᠤ ᠮᠡᠳᠡᠨ᠎ᠡ᠃ ᠰᠤᠳᠤᠯᠭᠠᠨ ᠳᠤ ᠢᠯᠡᠷᠡᠭᠦᠯᠦᠭᠰᠡᠨ ᠢᠶᠠᠷ᠄ | ᠬᠠᠭᠤᠷᠴᠤ ᠬᠠᠭᠠᠷᠢᠬᠤ ᠠᠴᠠ 20 ᠰᠧᠺᠦ᠋ᠨ᠋ᠳ᠋ ᠤᠨ ᠡᠮᠦᠨ᠎ᠡ ᠲᠣᠰᠣᠨ ᠣᠲᠤᠭ᠎ᠠ ᠶᠢᠨ ᠮᠠᠰᠢᠨ ᠢᠶᠠᠨ ᠨᠡᠭᠡᠭᠡᠪᠡᠯ | ᠲᠣᠰᠣᠨ ᠣᠲᠤᠭ᠎ᠠ ᠶᠢᠨ ᠲᠠᠷᠬᠠᠯᠲᠠ ᠶᠢ ᠨᠠᠩ ᠰᠠᠶᠢᠨ ᠡᠵᠡᠮᠳᠡᠵᠦ᠂ ᠲᠣᠰᠣᠨ ᠣᠲᠤᠭ᠎ᠠ ᠲᠠᠷᠬᠠᠬᠤ ᠶᠢ ᠨᠠᠩ ᠰᠠᠶᠢᠨ | ᠰᠡᠷᠭᠡᠶᠢᠯᠡᠵᠦ ᠴᠢᠳᠠᠨ᠎ᠠ᠂ ᠬᠠᠭᠤᠷᠴᠤ ᠬᠠᠭᠠᠷᠢᠬᠤ ᠶᠠᠪᠤᠴᠠ ᠳᠤ ᠲᠣᠰᠣᠨ ᠣᠲᠤᠭ᠎ᠠ ᠶᠢᠨ ᠮᠠᠰᠢᠨ ᠢᠶᠠᠨ ᠨᠡᠭᠡᠭᠡᠬᠦ ᠶᠢ | ᠪᠠᠲᠤᠯᠠᠬᠤ ᠬᠡᠷᠡᠭᠲᠡᠶ ᠪᠥᠭᠡᠳ ᠬᠠᠭᠤᠷᠴᠤ ᠬᠠᠭᠠᠷᠢᠵᠤ ᠪᠠᠷᠠᠭᠰᠠᠨ ᠤ ᠳᠠᠷᠠᠭ᠎ᠠ ᠴᠤ ᠲᠣᠰᠣᠨ ᠣᠲᠤᠭ᠎ᠠ ᠶᠢᠨ | ᠮᠠᠰᠢᠨ ᠢᠶᠠᠨ ᠦᠷᠭᠦᠯᠵᠢᠯᠡᠨ 3 ᠮᠢᠨᠦ᠋ᠲ ᠠᠵᠢᠯᠯᠠᠭᠤᠯᠬᠤ ᠬᠡᠷᠡᠭᠲᠡᠶ᠂ ᠨᠣᠭᠤᠭ᠎ᠠ ᠪᠠᠨ ᠬᠠᠭᠤᠷᠴᠤ ᠪᠠᠷᠠᠮᠠᠭᠴᠠ | ᠰᠢᠭᠤᠳ ᠬᠠᠭᠠᠬᠤ ᠬᠡᠷᠡᠭ ᠥᠬᠡᠶ᠃ ᠡᠭᠦᠨ ᠠᠴᠠ ᠭᠠᠳᠠᠨ᠎ᠠ᠂ ᠳᠤᠤᠷ᠎ᠠ ᠬᠠᠯᠠᠭᠤᠨ ᠢᠶᠠᠷ ᠬᠤᠭᠤᠯᠠ ᠬᠢᠪᠠᠯ ᠲᠣᠰᠣᠨ | ᠣᠲᠤᠭ᠎ᠠ ᠭᠠᠷᠬᠤ ᠨᠢ ᠨᠠᠩ ᠪᠠᠭ᠎ᠠ ᠪᠣᠯᠤᠨ᠎ᠠ᠃ | 2. ᠲᠣᠭᠤᠭ᠎ᠠ ᠪᠠᠨ ᠱᠤᠸᠠᠵᠠᠳᠠᠬᠤ ᠦᠭᠡᠢ ᠪᠠᠷ ᠦᠷᠭᠦᠯᠵᠢᠯᠡᠨ ᠨᠤᠭᠤᠭ᠎ᠠ ᠬᠠᠭᠤᠷᠬᠤ | ᠨᠣᠭᠤᠭ᠎ᠠ ᠬᠠᠭᠤᠷᠴᠤ ᠪᠠᠷᠠᠭᠰᠠᠨ ᠤ ᠳᠠᠷᠠᠭ᠎ᠠ᠂ ᠲᠣᠭᠤᠭᠠᠨ ᠳᠡᠭᠡᠷ᠎ᠡ ᠴᠢᠨᠢ ᠨᠣᠭᠤᠭ᠎ᠠ ᠬᠠᠭᠤᠷᠤᠬᠰᠠᠨ ᠮᠠᠰᠢ | ᠣᠯᠠᠨ ᠦᠯᠡᠳᠡᠭᠳᠡᠯ ᠪᠠ ᠦᠯᠡᠳᠡᠭᠰᠡᠨ ᠲᠣᠰᠣ ᠨᠠᠭᠠᠯᠳᠤᠵᠤ ᠪᠠᠶᠢᠳᠠᠭ᠂ ᠬᠡᠷᠪᠡ ᠦᠷᠭᠦᠯᠵᠢᠯᠡᠨ ᠦᠭᠡᠷ᠎ᠡ ᠨᠣᠭᠤᠭ᠎ᠠ | ᠬᠠᠭᠤᠷᠪᠠᠯ᠂ ᠡᠮᠦᠨᠡᠬᠢ ᠬᠠᠭᠤᠷᠤᠬᠰᠠᠨ ᠨᠤᠭᠤᠭ᠎ᠠ ᠶᠢᠨ ᠦᠯᠡᠳᠡᠭᠳᠡᠯ ᠳᠠᠷᠤᠶ ᠬᠡᠤᠷᠰᠢᠨᠡ᠂ ᠡᠭᠦᠨ ᠤ ᠤᠯᠠᠮ ᠢᠶᠠᠷ | ᠥᠮᠡᠨ ᠤᠯᠤᠭᠤᠯᠬᠤ ᠪᠣᠳᠠᠰ ᠡᠭᠦᠰᠴᠦ᠂ ᠦᠯᠡᠳᠡᠭᠰᠡᠨ ᠲᠣᠰᠣ ᠶᠢ ᠨᠢ ᠴᠦ ᠬᠤᠶᠠᠳᠠᠬᠢ ᠤᠳᠠᠭ᠎ᠠ ᠬᠠᠯᠠᠭᠰᠠᠨ ᠠᠴᠠ | ᠪᠣᠯᠵᠣ ᠬᠤᠤᠷᠲᠠᠶ ᠪᠦᠷᠢᠯᠳᠦᠬᠦᠨ ᠡᠭᠦᠰᠳᠡᠭ᠃ | 3. ᠨᠣᠭᠤᠭ᠎ᠠ ᠬᠢᠬᠦ ᠳᠡᠭᠡᠨ ᠳᠠᠪᠤᠰᠤ ᠢᠯᠡᠭᠦᠦ ᠬᠢᠬᠦ | ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠵᠦᠭᠯᠡᠭᠦᠷ︾ ᠲᠤ᠂ ᠨᠢᠭᠡ | ᠬᠥᠮᠦᠨ ᠤ ᠡᠳᠦᠷ ᠪᠦᠷᠢ ᠶᠢᠨ ᠳᠠᠪᠤᠰᠤ ᠢᠳᠡᠬᠦ ᠬᠡᠮᠵᠢᠶ᠎ᠡ ᠶᠢ 5 ᠭᠷᠠᠮ ᠠᠴᠠ ᠬᠡᠲᠦᠷᠡᠭᠦᠯᠵᠦ ᠪᠤᠯᠬᠤ ᠥᠬᠡᠶ᠂ | ᠳᠠᠪᠤᠰᠤ ᠳᠡᠩᠳᠡᠭᠦᠦ ᠠᠷᠪᠢᠨ ᠢᠳᠡᠪᠡᠯ ᠴᠢᠰᠤᠨ ᠳᠠᠷᠤᠯᠲᠠ ᠥᠨᠳᠥᠷᠵᠢᠬᠦ ᠡᠪᠡᠳᠴᠢᠨ ᠤᠯᠬᠤ ᠪᠠᠷ ᠪᠠᠷᠠᠬᠤ ᠥᠬᠡᠶ᠂ | ᠪᠠᠰᠠ ᠶᠠᠰᠤᠨ ᠤ ᠡᠳ᠋ ᠰᠡᠶᠢᠷᠡᠭᠵᠢᠬᠦ᠂ ᠬᠤᠳᠣᠭᠤᠳᠣᠨ ᠦᠷᠪᠢᠰᠦᠯ ᠳᠤ ᠨᠡᠷᠪᠡᠭᠳᠡᠬᠦ ᠂ ᠴᠢᠨᠠᠭᠰᠢᠯᠠᠪᠠᠯ ᠬᠤᠳᠣᠭᠤᠳᠣᠨ | ᠥᠮᠡᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠦᠨ᠎ᠡ ᠭᠡᠵᠦ ᠰᠠᠨᠠᠭᠤᠯᠵᠠᠶ᠃ ᠤᠴᠢᠷ ᠨᠢ ᠳᠠᠪᠤᠰᠤ ᠬᠡᠲᠦᠷᠬᠡᠶ | ᠶᠡᠭᠡ ᠢᠳᠡᠪᠡᠯ ᠬᠤᠳᠣᠭᠤᠳᠣᠨ ᠤ ᠰᠠᠯᠢᠰᠤᠲᠤ ᠪᠦᠷᠬᠦᠪᠴᠢ ᠳᠤ ᠰᠡᠳᠦᠯᠲᠡ ᠥᠭᠴᠦ᠂ ᠬᠤᠳᠣᠭᠤᠳᠣᠨ ᠤ | ᠬᠠᠨ᠎ᠠ ᠶᠢᠨ ᠡᠰ ᠢ ᠤᠨᠠᠭᠠᠵᠤ ᠮᠡᠳᠡᠨ᠎ᠡ᠂ ᠬᠠᠨ᠎ᠠ ᠶᠢᠨ ᠡᠰ ᠪᠣᠯ ᠬᠤᠳᠣᠭᠤᠳᠣᠨ ᠤ ᠡᠷᠡᠭᠦᠯ ᠮᠡᠨᠳᠦ ᠶᠢ ᠬᠠᠮᠠᠭᠠᠯᠠᠬᠤ | ᠬᠠᠯᠬᠠᠪᠴᠢ ᠮᠥᠨ᠂ ᠬᠡᠷᠪᠡ ᠡᠪᠳᠡᠭᠳᠡᠪᠡᠯ ᠬᠤᠳᠣᠭᠤᠳᠣᠨ ᠦᠷᠪᠢᠰᠦᠯ ᠤᠨ ᠲᠦᠭᠰᠢᠭᠦᠷᠢ ᠶᠢ ᠨᠡᠮᠡᠭᠳᠡᠭᠦᠯᠵᠦ᠂ | ᠡᠴᠦᠰ ᠲᠡᠭᠡᠨ ᠬᠤᠳᠣᠭᠤᠳᠣᠨ ᠥᠮᠡᠨ ᠢ ᠡᠭᠦᠰᠭᠡᠳᠡᠭ᠃ |