2024 ᠣᠨ ᠤ ᠳᠡᠭᠡᠷ᠎ᠡ ᠬᠠᠭᠠᠰ ᠵᠢᠯ ᠳᠤ ᠬᠥᠨᠳᠡᠯᠡᠨ ᠲᠣᠭᠤᠷᠢᠭ ᠤᠨ ᠠᠵᠤ ᠠᠬᠤᠢ ᠲᠣᠭᠲᠠᠭᠤᠨ ᠤ ᠳᠤᠮᠳᠠ ᠠᠬᠢᠯᠲᠠ ᠲᠠᠢ ᠪᠤᠯᠪᠠ
ᠨᠡᠶᠢᠲᠡᠯᠡᠭᠰᠡᠨ ᠴᠠᠭ᠄
2024/7/23
    1. ᠳᠡᠭᠡᠷ᠎ᠡ ᠬᠠᠭᠠᠰ ᠵᠢᠯ ᠳᠤ᠂ ᠬᠥᠨᠳᠡᠯᠡᠨ ᠲᠣᠭᠤᠷᠢᠭ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠥᠬᠦᠳᠡ ᠬᠤᠷᠠᠯ ᠵᠢᠴᠢ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ︽ᠬᠤᠶᠠᠷ ᠦᠨᠳᠦᠷᠯᠢᠭ ᠭᠤᠷᠪᠠᠨ ᠣᠷᠣᠨ ᠨᠢᠭᠡ ᠲᠥᠪ︾ ᠤᠨ ᠠᠵᠤ ᠦᠶᠯᠡᠰ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠭᠦᠨᠵᠡᠭᠡᠶ ᠴᠣᠭᠴᠠᠯᠠᠵᠤ᠂ ᠳᠡᠭᠡᠷ᠎ᠡ ᠬᠠᠭᠠᠰ ᠵᠢᠯ ᠳᠤ᠂ ᠬᠥᠨᠳᠡᠯᠡᠨ ᠲᠣᠭᠤᠷᠢᠭ ᠤᠨ ᠠᠵᠤ ᠠᠬᠤᠶ ᠶᠢᠨ ᠡᠷᠭᠢᠯᠲᠡ ᠲᠣᠭᠲᠠᠭᠤᠨ ᠤ ᠳᠤᠮᠳᠠ ᠠᠬᠢᠯᠲᠠ ᠲᠠᠢ ᠪᠤᠯᠪᠠ᠃      2. ᠪᠦᠷᠢᠳᠬᠡᠭᠰᠡᠨ ᠮᠠᠲ᠋ᠧᠷᠢᠶᠠᠯ ᠢ ᠦᠨᠳᠦᠰᠦᠯᠡᠪᠡᠯ᠂ ᠳᠡᠭᠡᠷ᠎ᠡ ᠬᠠᠭᠠᠰ ᠵᠢᠯ ᠳᠤ᠂ ᠬᠥᠨᠳᠡᠯᠡᠨ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 717.07 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠬᠤᠳᠠ ᠶᠢᠨ ᠶᠡᠷᠦᠩᠬᠡᠢ ᠬᠡᠮᠵᠢᠶᠡᠨ ᠤ 31.8% ᠢ ᠡᠵᠡᠯᠡᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8.1% ᠢᠶᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠪᠦᠬᠦ ᠬᠤᠳᠠ ᠶᠢᠨ 1 ᠳ᠋ᠦᠭᠡᠷ ᠲᠤ ᠣᠷᠣᠵᠤ᠂ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠶᠢᠨ 8 ᠳ᠋ᠤᠭᠠᠷ ᠲᠤ ᠣᠷᠣᠪᠠ᠃ ᠨᠢᠭᠡ ᠬᠤᠶᠠᠷ ᠭᠤᠷᠪᠠᠳᠤᠭᠠᠷ ᠠᠵᠤ ᠦᠶᠯᠡᠰ ᠢᠶᠠᠷ ᠬᠤᠪᠢᠶᠠᠵᠤ ᠦᠵᠡᠪᠡᠯ᠄ ᠨᠢᠭᠡᠳᠦᠭᠡᠷ ᠠᠵᠤ ᠦᠶᠯᠡᠰ ᠤᠨ ᠨᠡᠮᠡᠭᠳᠡᠯ ᠥᠷᠲᠡᠭ 0.88 ᠳ᠋ᠦᠩᠰᠢᠭᠤᠷ ᠲᠥᠭᠦᠷᠢᠭ ᠲᠤ ᠬᠦᠷᠴᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.8% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 396.93 ᠳ᠋ᠦᠩᠰᠢᠭᠤᠷ ᠲᠥᠭᠦᠷᠢᠭ ᠲᠤ ᠬᠦᠷᠭᠡᠵᠦ᠂ 10.9% ᠪᠠᠷ ᠨᠡᠮᠡᠭᠳᠡᠪᠠ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠢ 319.26 ᠳ᠋ᠦᠩᠰᠢᠭᠤᠷ ᠲᠥᠭᠦᠷᠢᠭ ᠲᠤ ᠬᠦᠷᠭᠡᠵᠦ᠂ 5.2% ᠢᠶᠠᠷ ᠨᠡᠮᠡᠭᠳᠡᠵᠦ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠪᠦᠲᠦᠴᠡ ᠶᠢᠨ ᠬᠠᠷᠢᠴᠠᠯ ᠢ 0.1᠄ 55.4᠄ 44.5 ᠪᠤᠯᠵᠠᠢ᠃      3᠂ ᠲᠡᠭᠡᠷ᠎ᠡ ᠬᠠᠭᠠᠰ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 9.3% ᠪᠠᠷ ᠨᠡᠮᠡᠭᠳᠡᠵᠡᠢ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 24.3%   ᠪᠠᠷ ᠨᠡᠮᠡᠭᠳᠡᠵᠦ᠂ ᠪᠦᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 6.8 ᠬᠤᠪᠢ ᠥᠨᠳᠥᠷ ᠪᠠᠶᠢᠵᠤ᠂ ᠪᠦᠬᠦ ᠬᠤᠲᠠ ᠶᠢᠨ 4    ᠳ᠋ᠤᠭᠡᠷ᠂ ᠬᠤᠲᠠ ᠶᠢᠨ ᠲᠠᠪᠤᠨ ᠲᠣᠭᠤᠷᠢᠭ ᠤᠨ ᠲᠤᠳᠤᠷ᠎ᠠ 1 ᠳ᠋ᠦ᠋ᠭᠡᠷ ᠲᠤ ᠤᠷᠤᠵᠤ᠂  ᠨᠢᠳᠤᠨᠤᠨ ᠤ ᠲᠤᠤᠷ᠎ᠠ ᠬᠠᠭᠠᠰ ᠵᠢᠯ ᠤᠨ ᠬᠢ ᠲᠠᠢ ᠬᠠᠷᠢᠴᠠᠭᠤᠯᠪᠠᠯ 1 ᠨᠡᠷᠡᠰ ᠡᠮᠦᠨᠡᠰᠢᠯᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠤᠬᠰᠠᠨ ᠶᠡᠷᠦᠩᠬᠡᠢ ᠬᠡᠮᠵᠢᠶ᠎ᠡ 171.40 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3.7% ᠪᠠᠷ ᠨᠡᠮᠡᠭᠳᠡᠵᠦ᠂ ᠪᠦᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.1 ᠬᠤᠪᠢ ᠥᠨᠳᠥᠷ ᠪᠠᠶᠢᠵᠤ᠂ ᠨᠢᠳᠤᠨᠤᠨ ᠤ ᠲᠤᠤᠷ᠎ᠠ ᠬᠠᠭᠠᠰ ᠵᠢᠯ ᠤᠨ ᠬᠢ ᠠᠴᠠ ᠵᠠᠭᠤᠨ ᠤ ᠬᠠᠷᠢᠴᠠᠯ ᠢᠶᠠᠷ 0.5 ᠬᠤᠪᠢ ᠨᠡᠮᠡᠭᠳᠡᠵᠤ᠂ ᠶᠡᠷᠦᠩᠬᠡᠢ ᠬᠡᠮᠵᠢᠶ᠎ᠡ ᠪᠠᠷ ᠢᠶᠠᠨ ᠪᠦᠬᠦ ᠬᠤᠲᠠ ᠳᠤ ᠲᠦᠷᠦᠬᠦᠯᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠶᠢᠨ 5 ᠳ᠋ᠤᠭᠠᠷ ᠲᠤ ᠤᠷᠤᠵᠤ᠂ ᠬᠤᠲᠠ ᠶᠢᠨ ᠲᠠᠪᠤᠨ ᠲᠣᠭᠤᠷᠢᠭ ᠤᠨ ᠲᠤᠳᠤᠷ᠎ᠠ 3 ᠳ᠋ᠤᠭᠠᠷ ᠲᠤ ᠣᠷᠣᠵᠠᠢ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 31252 ᠲᠥᠭᠦᠷᠢᠭ ᠲᠤ ᠬᠦᠷᠴᠦ᠂ ᠪᠤᠭᠤᠲᠤ ᠬᠤᠲᠠ ᠶᠢᠨ ᠲᠡᠭᠰᠢᠳᠭᠡᠭᠰᠡᠨ ᠬᠢᠷᠢ ᠲᠦᠪᠰᠢᠨ ᠠᠴᠠ 880 ᠲᠥᠭᠦᠷᠢᠭ ᠥᠨᠳᠥᠷ ᠪᠠᠶᠢᠵᠤ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 3.9% ᠪᠠᠷ ᠨᠡᠮᠡᠭᠳᠡᠵᠦ᠂ ᠪᠥᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ    0.3 ᠬᠤᠪᠢ ᠥᠨᠳᠥᠷ ᠪᠣᠯᠵᠣ᠂ ᠶᠡᠷᠦᠩᠬᠡᠶ ᠬᠡᠮᠵᠢᠶ᠎ᠡ ᠪᠠᠷ ᠢᠶᠠᠨ ᠪᠥᠬᠦ ᠬᠤᠲᠠ ᠳᠤ ᠲᠦᠷᠦᠬᠦᠯᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ 5 ᠳ᠋ᠤᠭᠠᠷ ᠲᠤ ᠣᠷᠣᠵᠤ᠂ ᠨᠢᠳᠤᠨᠤᠨ ᠤ ᠲᠤᠤᠷ᠎ᠠ ᠬᠠᠭᠠᠰ ᠵᠢᠯ ᠤᠨ ᠬᠢ ᠠᠴᠠ ᠬᠤᠶᠠᠷ ᠨᠡᠷᠡᠰ ᠡᠮᠦᠨᠡᠰᠢᠯᠡᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号