ᠳᠡᠭᠡᠷ᠎ᠡ ᠬᠠᠭᠠᠰ ᠵᠢᠯ ᠳᠤ ᠬᠥᠨᠳᠡᠯᠡᠨ ᠲᠣᠭᠤᠷᠢᠭ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/7/23
    2024 ᠣᠨ ᠤ ᠳᠡᠭᠡᠷ᠎ᠡ ᠬᠠᠭᠠᠰ ᠵᠢᠯ ᠳᠤ᠂ ᠬᠥᠨᠳᠡᠯᠡᠨ ᠲᠣᠭᠤᠷᠢᠭ ᠤᠨ ᠠᠵᠤ ᠠᠬᠤᠢ ᠶᠢᠨ ᠡᠷᠭᠢᠯᠲᠡ ᠲᠣᠭᠲᠠᠭᠤᠨ ᠪᠠᠶᠢᠵᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃     ᠬᠠᠷᠢᠴᠠᠯᠠᠰᠢᠭᠦᠶ ᠬᠡᠮᠵᠢᠭᠳᠡᠯ ᠠᠴᠠ ᠦᠵᠡᠪᠡᠯ᠂ 2024 ᠣᠨ ᠤ ᠳᠡᠭᠡᠷ᠎ᠡ ᠬᠠᠭᠠᠰ ᠵᠢᠯ ᠳᠤ᠂ ᠬᠥᠨᠳᠡᠯᠡᠨ ᠲᠣᠭᠤᠷᠢᠭ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 31252 ᠲᠥᠭᠦᠷᠢᠭ ᠲᠤ ᠬᠦᠷᠴᠦ᠂ ᠬᠠᠷᠢᠴᠠᠯᠠᠰᠢᠭᠦᠶ ᠬᠡᠮᠵᠢᠶ᠎ᠡ ᠪᠠᠷ ᠢᠶᠠᠨ ᠪᠥᠬᠦ ᠬᠤᠲᠠ ᠳᠤ  ᠲᠦᠷᠦᠬᠦᠯᠡᠵᠦ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠲᠣᠰ ᠲᠣᠰ 3691 ᠲᠥᠭᠦᠷᠢᠭ᠂ 5879 ᠲᠥᠭᠦᠷᠢᠭ ᠪᠠ 880 ᠲᠥᠭᠦᠷᠢᠭ ᠥᠨᠳᠥᠷ    ᠪᠣᠯᠵᠠᠶ᠃     ᠨᠡᠮᠡᠭᠳᠡᠯ ᠤᠨ ᠬᠤᠷᠳᠤᠴᠠ ᠠᠴᠠ ᠦᠵᠡᠪᠡᠯ᠂ 2024 ᠣᠨ ᠤ ᠳᠡᠭᠡᠷ᠎ᠡ ᠬᠠᠭᠠᠰ ᠵᠢᠯ ᠳᠤ᠂ ᠬᠥᠨᠳᠡᠯᠡᠨ ᠲᠣᠭᠤᠷᠢᠭ ᠤᠨ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 3.9% ᠪᠠᠷ ᠨᠡᠮᠡᠭᠳᠡᠵᠦ᠂ ᠪᠦᠬᠦ ᠬᠤᠳᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.3 ᠬᠤᠪᠢ ᠥᠨᠳᠥᠷ ᠪᠠᠶᠢᠵᠤ᠂ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠶᠢᠨ ᠲᠠᠪᠤᠳᠤᠭᠠᠷ ᠲᠤ ᠣᠷᠣᠪᠠ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号