ᠳᠡᠭᠡᠷ᠎ᠡ ᠬᠠᠭᠠᠰ ᠵᠢᠯ ᠳᠤ᠂ ᠬᠥᠨᠳᠡᠯᠡᠨ ᠲᠣᠭᠤᠷᠢᠭ ᠤᠨ ᠠᠵᠤ ᠦᠶᠯᠡᠳᠪᠦᠷᠢ ᠶᠢᠨ ᠠᠵᠤ ᠠᠬᠤᠶ ᠶᠢᠨ | ᠬᠥᠭᠵᠢᠯᠲᠡ ᠶᠢᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠶᠯᠡᠳᠪᠦᠷᠢ ᠶᠢᠨ ᠨᠡᠮᠡᠭᠳᠡᠯ ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 9.3% ᠪᠠᠷ | ᠨᠡᠮᠡᠭᠳᠡᠵᠦ᠂ ᠨᠢᠳᠤᠨᠤᠨ ᠤ ᠲᠤᠤᠷ᠎ᠠ ᠬᠠᠭᠠᠰ ᠵᠢᠯ ᠤᠨ ᠬᠢ ᠠᠴᠠ ᠵᠠᠭᠤᠨ ᠤ ᠬᠠᠷᠢᠴᠠᠯ ᠢᠶᠠᠷ 0.8 ᠬᠤᠪᠢ ᠬᠤᠷᠳᠤᠨ | ᠪᠤᠯᠪᠠ᠂ ᠡᠭᠦᠨ ᠳᠤ᠂ ᠪᠣᠯᠣᠳ ᠲᠡᠮᠦᠷ ᠤᠨ ᠠᠵᠢᠯ ᠲᠥᠷᠥᠯ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ | ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 17 ᠬᠤᠪᠢ ᠳᠡᠭᠡᠭᠰᠢᠯᠡᠪᠡ᠃ | ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠶᠯᠡᠰ ᠤᠨ ᠨᠡᠮᠡᠭᠳᠡᠯ ᠥᠷᠲᠡᠭ | ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 9.8% ᠪᠠᠷ ᠪᠠᠭᠤᠷᠠᠵᠤ᠂ ᠦᠶᠯᠡᠳᠬᠦ ᠦᠶᠯᠡᠰ ᠤᠨ ᠨᠡᠮᠡᠭᠳᠡᠯ | ᠥᠷᠲᠡᠭ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 18.5% ᠪᠠᠷ ᠨᠡᠮᠡᠭᠳᠡᠨ᠂ ᠴᠠᠬᠢᠯᠭᠠᠨ ᠬᠦᠴᠦᠨ᠂ | ᠢᠯᠴᠢ᠂ ᠰᠢᠲᠠᠮᠠᠬᠠᠶ ᠬᠡᠶ ᠵᠢᠴᠢ ᠤᠰᠤᠨ ᠤ ᠦᠶᠯᠡᠳᠪᠦᠷᠢᠯᠡᠯ ᠪᠠ ᠬᠠᠩᠭᠠᠯᠭ᠎ᠠ ᠶᠢᠨ ᠦᠶᠯᠡᠰ ᠤᠨ ᠨᠡᠮᠡᠭᠳᠡᠯ ᠥᠷᠲᠡᠭ | ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 10.6% ᠪᠠᠷ ᠨᠡᠮᠡᠭᠳᠡᠪᠡ᠃ | ᠠᠵᠢᠯ ᠲᠥᠷᠥᠯ ᠬᠤᠪᠢᠶᠠᠵᠤ ᠦᠵᠡᠪᠡᠯ᠂ ᠬᠠᠷ᠎ᠠ ᠲᠡᠮᠦᠷᠯᠢᠭ ᠬᠠᠶᠢᠯᠤᠭᠤᠯᠬᠤ ᠪᠠ ᠰᠤᠪᠢᠵᠤ | ᠪᠣᠯᠪᠠᠰᠤᠷᠠᠭᠤᠯᠬᠤ ᠠᠵᠤ ᠦᠶᠯᠡᠳᠪᠦᠷᠢ ᠢᠯᠡᠳᠲᠡ ᠨᠡᠮᠡᠭᠳᠡᠵᠦ᠂ ᠨᠡᠮᠡᠭᠳᠡᠯ ᠥᠷᠲᠡᠭ ᠨᠢ ᠬᠡᠪᠴᠢᠶᠡᠵᠢᠯ ᠠᠴᠠ | ᠳᠡᠭᠡᠭᠰᠢᠬᠢ ᠠᠵᠤ ᠦᠶᠯᠡᠳᠪᠦᠷᠢ ᠳᠠᠬᠢ ᠡᠵᠡᠯᠡᠬᠦ ᠬᠤᠪᠢ ᠶᠢᠨ ᠵᠢᠩ ᠨᠢ 29.5% ᠳᠤ ᠬᠦᠷᠴᠦ᠂ ᠲᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ᠠᠴᠠ 10.4% ᠪᠠᠷ ᠨᠡᠮᠡᠭᠳᠡᠪᠡ︔ ᠲᠡᠮᠦᠷᠯᠢᠭ ᠪᠤᠰᠤ ᠡᠷᠦᠳᠡᠰᠦ ᠶᠢᠨ | ᠦᠢᠯᠡᠳᠬᠦᠨ ᠤ ᠦᠶᠯᠡᠰ ᠤᠨ ᠨᠡᠮᠡᠭᠳᠡᠯ ᠥᠷᠲᠡᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠳᠠᠬᠢ | ᠡᠵᠡᠯᠡᠬᠦ ᠬᠤᠪᠢ ᠶᠢᠨ ᠵᠢᠩ 31.6% ᠳᠤ ᠬᠦᠷᠴᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ | 23.3% ᠪᠠᠷ ᠨᠡᠮᠡᠭᠳᠡᠪᠡ︔ ᠥᠩᠭᠡᠲᠦ ᠲᠡᠮᠦᠷᠯᠢᠭ ᠤᠨ ᠠᠭᠤᠷᠬᠠᠶ ᠶᠢᠨ ᠰᠠᠯᠭᠠᠨ ᠰᠢᠯᠢᠵᠤ ᠮᠠᠯᠲᠠᠬᠤ ᠦᠶᠯᠡᠰ ᠤᠨ | ᠨᠡᠮᠡᠭᠳᠡᠯ ᠢ ᠳᠠᠶᠢᠴᠢᠯᠠᠬᠤ ᠡᠷᠴᠢᠮ ᠴᠢᠩᠭᠠᠷᠠᠵᠤ᠂ ᠨᠡᠮᠡᠭᠳᠡᠯ ᠥᠷᠲᠡᠭ ᠨᠢ ᠬᠡᠪᠴᠢᠶᠡᠵᠢᠯ ᠠᠴᠠ ᠳᠡᠭᠡᠭᠰᠢᠬᠢ ᠠᠵᠤ | ᠦᠶᠯᠡᠳᠪᠦᠷᠢ ᠳᠠᠬᠢ ᠡᠵᠡᠯᠡᠬᠦ ᠬᠤᠪᠢ ᠶᠢᠨ ᠵᠢᠩ ᠨᠢ 7.8% ᠳᠤ ᠬᠦᠷᠴᠦ᠂ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 1.7 ᠳᠠᠬᠢᠨ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ | ᠨᠡᠮᠡᠭᠳᠡᠯ ᠢ ᠵᠠᠭᠤᠨ ᠤ ᠬᠠᠷᠢᠴᠠᠯ ᠢᠶᠠᠷ 9.3 ᠬᠤᠪᠢ ᠳᠠᠶᠢᠴᠢᠯᠠᠵᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ | 100.2% ᠲᠤ ᠬᠥᠷᠪᠡ᠃ |