ᠳᠡᠭᠡᠷ᠎ᠡ ᠬᠠᠭᠠᠰ ᠵᠢᠯ ᠳᠤ ᠬᠥᠨᠳᠡᠯᠡᠨ ᠲᠣᠭᠤᠷᠢᠭ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠪᠠᠷ ᠦᠷᠭᠦᠯᠵᠢᠯᠡᠨ ᠬᠦᠴᠦᠯᠡᠪᠠ
ᠨᠡᠶᠢᠲᠡᠯᠡᠭᠰᠡᠨ ᠴᠠᠭ᠄
2024/7/23
     ᠡᠨᠡ ᠵᠢᠯ ᠠᠴᠠ ᠨᠠᠭᠠᠰᠢ᠂ ᠬᠥᠨᠳᠡᠯᠡᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠲᠥᠷᠥᠯ ᠵᠦᠶᠯ ᠢ ᠠᠳᠬᠤᠬᠤ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ ᠶᠢ ᠨᠡᠮᠡᠭᠳᠡᠯ ᠢ ᠲᠣᠭᠲᠠᠪᠤᠷᠢᠵᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠭᠠᠵᠤ᠂ ︽ᠬᠤᠶᠠᠷ ᠰᠢᠨ᠎ᠡ︾ ᠪᠠᠷ ᠠᠵᠢᠯ ᠤᠨ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠶᠢ ᠴᠢᠩᠭ᠎ᠠ ᠠᠳᠬᠤᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢ ᠢᠳᠡᠪᠬᠢᠲᠡᠶ ᠥᠷᠭᠡᠳᠬᠡᠵᠦ᠂ ᠪᠥᠬᠦ ᠲᠤᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠦᠷᠭᠦᠯᠵᠢᠯᠡᠨ ᠥᠨᠳᠥᠷ ᠨᠡᠮᠡᠭᠳᠡᠯ ᠤᠨ ᠬᠠᠨᠳᠤᠰᠢ ᠪᠠᠨ ᠪᠠᠲᠤᠯᠠᠪᠠ᠃ ᠲᠡᠭᠡᠷ᠎ᠡ ᠬᠠᠭᠠᠰ ᠵᠢᠯ ᠳᠤ᠂ ᠬᠥᠨᠳᠡᠯᠡᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 24.3% ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠨᠢ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠲᠤᠳᠤᠷ᠎ᠠ ᠲᠦᠷᠦᠬᠦᠯᠡᠵᠦ᠂ ᠨᠡᠮᠡᠭᠳᠡᠯ ᠤᠨ ᠬᠤᠷᠳᠤᠴᠠ ᠨᠢ ᠬᠤᠲᠠ ᠶᠢᠨ ᠲᠠᠪᠤᠨ ᠲᠣᠭᠤᠷᠢᠭ ᠲᠤᠳᠤᠷ᠎ᠠ ᠲᠦᠷᠦᠬᠦᠯᠡᠪᠡ᠃      ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠤᠳᠠᠭᠠᠰᠢᠷᠠᠵᠤ᠂ ᠭᠤᠷᠪᠠᠳᠤᠭᠠᠷ ᠠᠵᠤ ᠦᠢᠯᠡᠰ ᠤᠨ ᠪᠡᠯᠡ ᠤᠷᠤᠭᠤᠯᠤᠯᠳᠠ ᠶᠢᠨ ᠨᠡᠮᠡᠭᠳᠡᠯ ᠴᠢᠩᠭᠠᠷᠠᠵᠤ ᠪᠠᠶᠢᠨ᠎ᠠ᠃ ᠲᠡᠭᠡᠷ᠎ᠡ ᠬᠠᠭᠠᠰ ᠵᠢᠯ ᠳᠤ᠂ ᠬᠤᠶᠠᠳᠤᠭᠠᠷ ᠠᠵᠤ ᠦᠶᠯᠡᠰ ᠤᠨ ᠪᠠᠯᠠ ᠣᠷᠣᠭᠤᠯᠤᠯᠲᠠ ᠶᠢᠨ ᠨᠡᠮᠡᠭᠳᠡᠯ ᠪᠠ ᠳᠠᠶᠢᠴᠢᠯᠠᠬᠤ ᠦᠶᠯᠡᠳᠦᠯ ᠡᠳᠦᠶ ᠲᠡᠳᠦᠶ ᠤᠳᠠᠭᠠᠰᠢᠷᠠᠵᠤ᠂ ᠶᠡᠷᠦᠩᠬᠡᠢ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ      13.1% ᠪᠠᠷ ᠨᠡᠮᠡᠭᠳᠡᠵᠦ᠂ ᠲᠡᠭᠡᠷ᠎ᠡ ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 7.7 ᠬᠤᠪᠢ ᠪᠠᠭᠤᠷᠠᠵᠤ᠂ ᠶᠡᠷᠦᠩᠬᠡᠢ ᠪᠠᠯᠠ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ 10.7 ᠬᠤᠪᠢ  ᠳᠠᠶᠢᠴᠢᠯᠠᠵᠤ᠂ ᠲᠡᠭᠡᠷ᠎ᠡ ᠰᠠᠷ᠎ᠠ ᠶᠢᠨ ᠬᠢ ᠠᠴᠠ ᠵᠠᠭᠤᠨ ᠤ ᠬᠠᠷᠢᠴᠠᠯ ᠢᠶᠠᠷ 6.3 ᠬᠤᠪᠢ ᠪᠠᠭᠠᠰᠴᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ 44.2% ᠲᠤ ᠬᠦᠷᠴᠦ᠂ ᠶᠡᠷᠦᠩᠬᠡᠢ ᠪᠠᠯᠠ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ ᠨᠢ        74.5% ᠪᠣᠯᠵᠠᠶ︔ ᠭᠤᠷᠪᠠᠳᠤᠭᠠᠷ ᠠᠵᠤ ᠦᠶᠯᠡᠰ ᠤᠨ ᠪᠠᠯᠠ ᠣᠷᠣᠭᠤᠯᠤᠯᠲᠠ ᠬᠦᠴᠦᠲᠡᠶ ᠨᠡᠮᠡᠭᠳᠡᠵᠦ᠂ ᠪᠦᠬᠦ ᠪᠠᠯᠠ ᠣᠷᠣᠭᠤᠯᠤᠯᠲᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 86.6% ᠪᠠᠷ ᠨᠡᠮᠡᠭᠳᠡᠵᠦ᠂ ᠲᠦᠷᠦᠬᠦᠦ ᠤᠯᠠᠷᠢᠯ ᠤᠨ ᠬᠢ ᠠᠴᠠ ᠵᠠᠭᠤᠨ ᠤ ᠬᠠᠷᠢᠴᠠᠯ ᠢᠶᠠᠷ 34 ᠬᠤᠪᠢ ᠳᠡᠭᠡᠭᠰᠢᠯᠡᠵᠦ᠂ ᠪᠥᠬᠦ ᠪᠠᠯᠠ ᠣᠷᠣᠭᠤᠯᠤᠯᠲᠠ ᠶᠢ ᠵᠠᠭᠤᠨ ᠤ ᠬᠠᠷᠢᠴᠠᠯ ᠢᠶᠠᠷ 14.7 ᠬᠤᠪᠢ ᠳᠠᠶᠢᠴᠢᠯᠠᠵᠤ᠂ ᠶᠡᠷᠦᠩᠬᠡᠢ ᠪᠠᠯᠠ ᠣᠷᠣᠭᠤᠯᠤᠯᠲᠠ ᠶᠢᠨ 25.5% ᠶᠢ ᠡᠵᠡᠯᠡᠪᠡ᠃     ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠪᠡ᠃ ᠳᠡᠭᠡᠷ᠎ᠡ ᠬᠠᠭᠠᠰ ᠵᠢᠯ ᠳᠤ᠂ ᠬᠥᠨᠳᠡᠯᠡᠨ ᠲᠣᠭᠤᠷᠢᠭ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠦᠷᠭᠦᠯᠵᠢᠯᠡᠨ ᠶᠡᠭᠡ ᠪᠠᠷ ᠬᠥᠭᠵᠢᠭᠦᠯᠵᠦ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠲᠦᠷᠬᠡᠨ    ᠨᠡᠮᠡᠭᠳᠡᠵᠤ᠂ ᠪᠡᠯᠡ ᠣᠷᠣᠭᠤᠯᠤᠯᠲᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠨᠡᠶᠢᠳᠡ           190.5% ᠪᠠᠷ ᠨᠡᠮᠡᠭᠳᠡᠵᠦ᠂ ᠶᠡᠷᠦᠩᠬᠡᠢ ᠪᠡᠯᠡ ᠣᠷᠣᠭᠤᠯᠤᠯᠲᠠ ᠳᠠᠬᠢ ᠡᠵᠡᠯᠡᠬᠦ ᠬᠠᠷᠢᠴᠠᠯ 7.8% ᠳᠤ ᠬᠦᠷᠴᠦ᠂ ᠡᠵᠡᠯᠡᠬᠦ ᠬᠠᠷᠢᠴᠠᠯ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 4.5 ᠬᠤᠪᠢ ᠳᠡᠭᠡᠭᠰᠢᠯᠡᠵᠦ᠂ ᠪᠦᠬᠦ ᠪᠡᠯᠡ ᠣᠷᠣᠭᠤᠯᠤᠯᠲᠠ ᠶᠢ ᠵᠠᠭᠤᠨ ᠤ ᠬᠠᠷᠢᠴᠠᠯ ᠢᠶᠠᠷ 6.4 ᠬᠤᠪᠢ ᠳᠠᠶᠢᠴᠢᠯᠠᠪᠠ᠂ ᠡᠭᠦᠨ ᠳᠤ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠤᠷᠤᠭᠤᠯᠤᠯᠳᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 6.5 ᠲᠠᠬᠢᠨ ᠨᠡᠮᠡᠭᠳᠡᠵᠤ᠂ ᠪᠦᠬᠦ ᠪᠡᠯᠡ ᠣᠷᠣᠭᠤᠯᠤᠯᠲᠠ ᠶᠢᠨ ᠨᠡᠡᠮᠭᠳᠡᠯ ᠢ ᠵᠠᠭᠤᠨ ᠤ ᠬᠠᠷᠢᠴᠠᠯ ᠢᠶᠠᠷ 4.6 ᠬᠤᠪᠢ ᠳᠠᠶᠢᠴᠢᠯᠠᠵᠤ᠂ ᠳᠡᠭᠡᠳᠦ ᠮᠡᠷᠭᠡᠵᠢᠯ ᠤᠨ ᠦᠢᠯᠡᠴᠢᠯᠡᠬᠡᠨ ᠤ ᠦᠢᠯᠡᠰ ᠤᠨ ᠪᠡᠯᠡ ᠤᠷᠤᠭᠤᠯᠤᠯᠳᠠ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 67.9% ᠪᠠᠷ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢ ᠵᠠᠭᠤᠨ ᠤ ᠬᠠᠷᠢᠴᠠᠯ ᠢᠶᠠᠷ 1.8 ᠬᠤᠪᠢ ᠳᠠᠶᠢᠴᠢᠯᠠᠵᠡᠢ᠃     ︽ᠬᠤᠶᠠᠷ ᠰᠢᠨ᠎ᠡ︾ ᠲᠥᠷᠥᠯ ᠵᠦᠶᠯ ᠪᠠᠯᠠ ᠣᠷᠣᠭᠤᠯᠤᠯᠲᠠ ᠶᠢᠨ ᠳᠠᠯᠳᠠ ᠬᠦᠴᠦᠨ ᠢ ᠪᠠᠳᠠᠷᠠᠭᠤᠯᠪᠠ᠃ ᠳᠡᠭᠡᠷ᠎ᠡ ᠬᠠᠭᠠᠰ ᠵᠢᠯ ᠳᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠰᠢᠨ᠎ᠡ ᠪᠠᠷ ᠪᠠᠷᠢᠯᠭ᠎ᠠ ᠡᠬᠢᠯᠡᠭᠦᠯᠦᠭᠰᠡᠨ ᠠᠵᠤ ᠦᠶᠯᠡᠰ ᠤᠨ ᠲᠥᠷᠥᠯ ᠤᠨ ᠲᠥᠷᠥᠯ ᠵᠦᠶᠯ 16 ᠨᠡᠮᠡᠭᠳᠡᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠲᠤᠭ᠎ᠠ ᠯᠤᠭ᠎ᠠ ᠨᠢᠭᠡᠳᠦᠯᠲᠡᠶ ᠪᠠᠶᠢᠵᠤ᠂ ᠪᠡᠶᠡᠯᠡᠭᠦᠯᠦᠭᠰᠡᠨ ᠪᠠᠯᠠ ᠣᠷᠣᠭᠤᠯᠤᠯᠲᠠ ᠶᠢᠨ ᠬᠡᠮᠵᠢᠶ᠎ᠡ ᠨᠢ ᠲᠡᠭᠡᠷ᠎ᠡ ᠵᠢᠯ ᠶᠢᠨ ᠠᠳᠠᠯᠢ ᠬᠤᠭᠤᠴᠠᠭᠠᠨ ᠤ ᠬᠢ ᠠᠴᠠ 13.5% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ 18.6% ᠶᠢ ᠡᠵᠡᠯᠡᠵᠦ᠂ ᠪᠥᠬᠦ ᠪᠠᠯᠠ ᠣᠷᠣᠭᠤᠯᠤᠯᠲᠠ ᠶᠢ ᠵᠠᠭᠤᠨ ᠤ ᠬᠠᠷᠢᠴᠠᠯ ᠢᠶᠠᠷ 2.7 ᠬᠤᠪᠢ ᠳᠠᠶᠢᠴᠢᠯᠠᠵᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 11.3% ᠳᠤ ᠬᠥᠷᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号