ᠲᠡᠭᠡᠷ᠎ᠡ ᠬᠠᠭᠠᠰ ᠵᠢᠯ ᠳᠤ᠂ ᠬᠥᠨᠳᠡᠯᠡᠨ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠶᠯ ᠢ ᠵᠢᠵᠢᠭᠯᠡᠨ | ᠪᠤᠷᠤᠯᠠᠭᠤᠯᠤᠬᠰᠠᠨ ᠬᠡᠮᠵᠢᠶ᠎ᠡ 171.4 ᠳ᠋ᠦᠩᠰᠢᠭᠤᠷ ᠲᠥᠭᠦᠷᠢᠭ ᠲᠤ ᠬᠦᠷᠴᠦ᠂ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 3.7% ᠪᠠᠷ ᠨᠡᠮᠡᠭᠳᠡᠵᠦ᠂ ᠶᠡᠷᠦᠩᠬᠡᠶ ᠬᠡᠮᠵᠢᠶ᠎ᠡ ᠪᠠᠷ ᠢᠶᠠᠨ ᠪᠥᠬᠦ ᠬᠤᠲᠠ ᠳᠤ | ᠲᠦᠷᠦᠬᠦᠯᠡᠵᠦ᠂ ᠪᠥᠬᠦ ᠬᠤᠲᠠ ᠶᠢᠨ ᠬᠢ ᠠᠴᠠ ᠵᠠᠭᠤᠨ ᠤ ᠬᠠᠷᠢᠴᠠᠯ ᠢᠶᠠᠷ 0.1 ᠬᠤᠪᠢ ᠥᠨᠳᠥᠷ ᠪᠠᠶᠢᠵᠤ᠂ ᠪᠥᠬᠦ | ᠬᠤᠲᠠ ᠳᠤ ᠬᠤᠪᠢ ᠨᠡᠮᠡᠷᠢ ᠦᠵᠡᠭᠦᠯᠦᠭᠰᠡᠨ ᠨᠣᠷᠮ᠎ᠠ 33.7% ᠳᠤ ᠬᠦᠷᠴᠡᠶ᠃ | ᠬᠢᠵᠠᠭᠠᠷᠯᠠᠬᠰᠠᠨ ᠬᠡᠮᠵᠢᠶ᠎ᠡ ᠠᠴᠠ ᠲᠡᠭᠡᠭᠰᠢᠬᠢ ᠬᠡᠷᠡᠭᠯᠡᠭᠡ ᠲᠣᠭᠲᠠᠭᠤᠨ ᠤ ᠳᠤᠮᠳᠠ ᠠᠬᠢᠯᠲᠠ ᠲᠠᠢ ᠪᠣᠯᠪᠠ᠃ | ᠬᠢᠵᠠᠭᠠᠷᠯᠠᠬᠰᠠᠨ ᠬᠡᠮᠵᠢᠶ᠎ᠡ ᠠᠴᠠ ᠲᠡᠭᠡᠭᠰᠢᠬᠢ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 2.7% ᠪᠠᠷ ᠨᠡᠮᠡᠭᠳᠡᠪᠡ᠃ ᠬᠡᠷᠡᠭᠯᠡᠭᠡᠨ ᠤ ᠬᠡᠯᠪᠡᠷᠢ ᠪᠠᠶᠢᠳᠠᠯ ᠢᠶᠠᠷ ᠲᠥᠷᠥᠯ ᠬᠤᠪᠢᠶᠠᠵᠤ | ᠦᠵᠡᠪᠡᠯ᠂ ᠢᠳᠡᠭᠡᠨ ᠤᠮᠳᠠᠭᠠᠨ ᠤ ᠦᠢᠯᠡᠰ ᠤᠨ ᠣᠷᠣᠯᠭ᠎ᠠ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ | 8.1% ᠪᠠᠷ ᠨᠡᠮᠡᠭᠳᠡᠪᠡ︔ ᠲᠠᠸᠠᠷ ᠤᠨ ᠵᠢᠵᠢᠭᠯᠡᠨ ᠪᠣᠷᠣᠯᠠᠭᠤᠯᠤᠬᠰᠠᠨ ᠬᠡᠮᠵᠢᠶ᠎ᠡ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 2.0% ᠨᠡᠮᠡᠭᠳᠡᠪᠡ᠃ | ᠳᠡᠰ ᠲᠡᠪᠰᠢᠭᠰᠡᠨ ᠲᠥᠷᠥᠯ ᠤᠨ ᠲᠠᠸᠠᠷ ᠤᠨ ᠬᠡᠷᠡᠭᠴᠡᠭᠡ ᠶᠡᠭᠡ ᠪᠠᠷ ᠨᠡᠮᠡᠭᠳᠡᠪᠡ᠃ ᠲᠡᠭᠡᠷ᠎ᠡ ᠬᠠᠭᠠᠰ ᠵᠢᠯ ᠳᠤ᠂ | ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ ᠤᠨ ᠪᠤᠷᠤᠯᠠᠭᠤᠯᠭ᠎ᠠ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 37.6% ᠪᠠᠷ ᠨᠡᠮᠡᠭᠳᠡᠵᠦ᠂ ᠬᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ | ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠤᠨ ᠪᠤᠷᠤᠯᠠᠭᠤᠯᠭ᠎ᠠ ᠲᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 43.0% ᠪᠠᠷ ᠨᠡᠮᠡᠭᠳᠡᠵᠦ᠂ ᠬᠢᠵᠠᠭᠠᠷᠯᠠᠬᠰᠠᠨ ᠬᠡᠮᠵᠢᠶ᠎ᠡ ᠠᠴᠠ ᠲᠡᠭᠡᠭᠰᠢᠬᠢ | ᠬᠡᠷᠡᠭᠯᠡᠭᠡ ᠶᠢᠨ ᠵᠢᠵᠢᠭᠯᠡᠨ ᠪᠤᠷᠤᠯᠠᠭᠤᠯᠤᠬᠰᠠᠨ ᠬᠡᠮᠵᠢᠶ᠎ᠡ ᠶᠢ ᠵᠠᠭᠤᠨ ᠤ ᠬᠠᠷᠢᠴᠠᠯ ᠢᠶᠠᠷ 2.4 ᠬᠤᠪᠢ ᠳᠠᠶᠢᠴᠢᠯᠠᠪᠠ᠃ | | ᠰᠠᠭᠤᠷᠢ ᠠᠮᠢᠳᠤᠷᠠᠯ ᠤᠨ ᠲᠥᠷᠥᠯ ᠤᠨ ᠬᠡᠷᠡᠭᠯᠡᠭᠡ ᠲᠣᠭᠲᠠᠪᠤᠷᠢᠵᠢᠵᠤ᠂ ᠬᠤᠶᠠᠷ ᠣᠷᠣᠨᠲᠤ ᠲᠤᠭ᠎ᠠ ᠶᠢᠨ | ᠨᠡᠮᠡᠭᠳᠡᠯ ᠢ ᠪᠡᠶᠡᠯᠡᠭᠦᠯᠪᠡ᠃ ᠲᠡᠭᠡᠷ᠎ᠡ ᠬᠠᠭᠠᠰ ᠵᠢᠯ ᠳᠤ ᠤᠮᠳᠠᠭᠠᠨ ᠤ ᠲᠥᠷᠥᠯ᠂ ᠠᠷᠢᠬᠢ ᠲᠠᠮᠠᠬᠢᠨ ᠤ ᠲᠥᠷᠥᠯ᠂ | ᠡᠳᠦᠷ ᠲᠤᠲᠤᠮ ᠤᠨ ᠬᠡᠷᠡᠭᠯᠡᠭᠡᠨ ᠤ ᠵᠦᠶᠯ ᠤᠨ ᠲᠥᠷᠥᠯ ᠢ ᠵᠢᠵᠢᠭᠯᠡᠨ ᠪᠤᠷᠤᠯᠠᠭᠤᠯᠤᠬᠰᠠᠨ ᠬᠡᠮᠵᠢᠶ᠎ᠡ ᠲᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ᠠᠴᠠ ᠲᠣᠰ ᠲᠣᠰ 51.8%᠂ 34.7% ᠪᠠ 10.3% ᠪᠠᠷ ᠨᠡᠮᠡᠭᠳᠡᠵᠦ᠂ | ᠬᠢᠵᠠᠭᠠᠷᠯᠠᠭᠰᠠᠨ ᠬᠡᠮᠵᠢᠶ᠎ᠡ ᠠᠴᠠ ᠲᠡᠭᠡᠭᠰᠢᠬᠢ ᠬᠡᠷᠡᠭᠯᠡᠭᠡ ᠶᠢᠨ ᠨᠡᠮᠡᠭᠳᠡᠯ ᠢ ᠵᠠᠭᠤᠨ ᠤ ᠬᠠᠷᠢᠴᠠᠯ ᠢᠶᠠᠷ 3.8 ᠬᠤᠪᠢ | ᠲᠠᠶᠢᠴᠢᠯᠠᠪᠠ᠃ |