| 7 ᠰᠠᠷ᠎ᠠ ᠶᠢᠨ 27 ᠤ ᠡᠳᠦᠷ᠂ ᠮᠠᠨ ᠤ ᠲᠤᠭᠤᠷᠢᠭ ᠤᠨ ᠪᠠᠰᠠ ᠨᠢᠭᠡᠨ ᠢᠳᠡᠭᠡᠨ ᠤᠮᠳᠠᠭᠠᠨ᠂ ᠵᠤᠭ᠎ᠠ | ᠴᠡᠩᠭᠡᠯ᠂ ᠪᠠᠷᠠᠭ᠎ᠠ ᠬᠤᠳᠠᠯᠳᠤᠨ ᠠᠪᠬᠤ᠂ ᠰᠤᠷᠭᠠᠨ ᠬᠥᠮᠦᠵᠢᠯ᠂ ᠰᠡᠯᠡᠭᠦᠴᠡᠯ ᠢ ᠨᠢᠭᠡ ᠴᠣᠭᠴᠠᠵᠢᠭᠤᠯᠤᠭᠰᠠᠨ | ᠬᠤᠲᠠ ᠶᠢᠨ ᠶᠡᠷᠦᠩᠬᠡᠶᠢᠯᠡᠭᠰᠡᠨ ᠴᠤᠬᠴᠠ ᠮᠤᠤ ᠶᠧ ᠲᠢᠶᠠᠨ ᠳ᠋ᠢ ᠪᠠᠷᠠᠭ᠎ᠠ ᠬᠤᠳᠠᠯᠳᠤᠨ ᠠᠪᠬᠤ ᠲᠥᠪ ᠦᠪᠡᠳᠡᠭᠰᠢ | ᠶᠡᠭᠡ ᠪᠠᠷ ᠠᠰᠢᠬᠯᠠᠯᠲᠠ ᠳᠤ ᠤᠷᠤᠪᠠ᠃ | | ᠦᠳᠡ ᠶᠢᠨ ᠡᠮᠦᠨᠡᠬᠢ 10 ᠴᠠᠭ ᠲᠤ ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠦᠭᠰᠡᠨ ᠤ ᠳᠠᠷᠠᠭ᠎ᠠ᠂ | ᠬᠤᠳᠠᠯᠳᠤᠭᠠᠨ ᠤ ᠭᠠᠵᠠᠷ ᠲᠡᠷᠡ ᠲᠤᠤᠷ᠎ᠠ ᠨᠢ ᠬᠥᠭᠵᠢᠶᠡᠨ ᠨᠡᠷᠬᠢᠶᠡᠨ ᠢᠶᠠᠷ ᠳᠦᠭᠦᠷᠴᠦ᠂ ᠡᠯᠳᠡᠪ ᠵᠦᠢᠯ ᠤᠨ | ᠪᠠᠷᠠᠭ᠎ᠠ ᠲᠠᠸᠠᠷ ᠪᠣᠯᠤᠨ ᠥᠪᠡᠷ ᠥᠪᠡᠷ ᠤᠨ ᠣᠨᠴᠠᠯᠢᠭ ᠪᠥᠬᠦᠶ ᠦᠶᠯᠡᠴᠢᠯᠡᠭᠡ ᠨᠢ ᠦᠷᠬᠡᠨ ᠤᠯᠠᠨ | ᠬᠡᠷᠡᠭᠯᠡᠭᠴᠢᠳ ᠤᠨ ᠠᠩᠬᠠᠷᠤᠯ ᠢ ᠲᠡᠳᠡᠵᠤ᠂ ᠵᠢᠱᠢᠯᠲᠡ ᠪᠠᠷ ᠠᠩᠬᠠᠨ ᠤ ᠡᠳᠦᠷ ᠤᠨ ᠮᠤᠤ ᠶᠧ ᠲᠢᠶᠠᠨ ᠳ᠋ᠢ ᠪᠠᠷᠠᠭ᠎ᠠ | ᠬᠤᠳᠠᠯᠳᠤᠨ ᠠᠪᠬᠤ ᠲᠦᠪ ᠲᠤ ᠢᠷᠡᠭᠰᠡᠨ ᠬᠡᠷᠡᠭᠯᠡᠭᠴᠢᠳ ᠤᠨ ᠲᠤᠭ᠎ᠠ 10 ᠲᠦᠮᠡᠨ ᠬᠥᠮᠦᠨ ᠤᠳᠠᠭ᠎ᠠ ᠳᠤ ᠬᠥᠷᠬᠦ | ᠪᠣᠯᠤᠨ᠎ᠠ᠃ ᠬᠤᠲᠠ ᠶᠢᠨ ᠠᠷᠠᠳ ᠰᠢᠤᠢ ᠠᠪᠤᠭᠠᠢ ᠪᠠᠷᠠᠭ᠎ᠠ ᠬᠤᠳᠠᠯᠳᠤᠨ ᠠᠪᠬᠤ ᠲᠦᠪ ᠠᠴᠠ ᠤᠶᠢᠷᠠᠬᠠᠨ ᠰᠠᠭᠤᠵᠤ | ᠪᠠᠶᠢᠨ᠎ᠠ᠂ ᠪᠠᠷᠠᠭ᠎ᠠ ᠬᠤᠳᠠᠯᠳᠤᠨ ᠠᠪᠬᠤ ᠲᠦᠪ ᠡᠭᠦᠳᠡ ᠪᠠᠨ ᠨᠡᠭᠡᠭᠡᠬᠦ ᠬᠡᠵᠦ ᠪᠠᠶᠢᠨ᠎ᠠ ᠬᠡᠰᠡᠨ ᠴᠢᠮᠡᠭᠡ ᠶᠢ | ᠰᠤᠨᠤᠰᠤᠬᠰᠠᠨ ᠲᠡᠷᠡ᠂ ᠬᠠᠮᠤᠭ ᠤᠨ ᠲᠡᠷᠢᠭᠦᠨ ᠳᠤ ᠭᠡᠷ ᠤᠨ ᠬᠥᠮᠦᠰ ᠲᠠᠢ ᠪᠠᠨ ᠬᠠᠮᠲᠤ ᠠᠳᠠ ᠢᠷᠡᠵᠤ | ᠲᠣᠭᠤᠷᠢᠵᠠᠢ᠄ ︽ ᠮᠢᠨᠦ ᠠᠵᠢᠯᠠᠵᠤ ᠠᠮᠢᠳᠦᠷᠠᠵᠤ ᠪᠠᠶᠢᠭ᠎ᠠ ᠭᠠᠵᠠᠷ ᠪᠦᠷ ᠡᠨᠡ ᠤᠶᠢᠷ᠎ᠠ ᠬᠠᠪᠢ ᠪᠠᠷ ᠪᠠᠶᠢᠨ᠎ᠠ᠂ | ᠡᠶᠢᠮᠦ ᠨᠢᠭᠡ ᠶᠡᠷᠦᠩᠬᠡᠶᠢᠯᠡᠭᠰᠡᠨ ᠬᠤᠳᠠᠯᠳᠤᠭᠠᠨ ᠤ ᠭᠠᠵᠠᠷ ᠪᠠᠶᠢᠬᠤ ᠨᠢ ᠲᠤᠩ ᠳᠥᠭᠦᠮ᠂ ᠨᠢᠭᠡ ᠲᠣᠭᠤᠷᠢᠵᠤ | ᠦᠵᠡᠪᠡᠯ᠂ ᠤᠯᠠᠨ ᠬᠤᠳᠠᠯᠳᠤᠭ᠎ᠠ ᠪᠠᠶᠢᠨ᠎ᠠ᠃ ᠰᠠᠶ᠋ᠢ ᠨᠢᠬᠡᠨ ᠬᠡᠦᠬᠡᠳ ᠤᠨ ᠰᠤᠨᠢᠷᠬᠠᠯᠳᠤ ᠵᠢᠭᠠᠨ ᠰᠤᠷᠭᠠᠯᠳᠠ ᠶᠢᠨ | ᠭᠠᠵᠠᠷ ᠤᠯᠵᠤ ᠬᠠᠷᠠᠭᠰᠠᠨ᠂ ᠤᠳᠠᠯ ᠦᠭᠡᠢ ᠣᠴᠢᠵᠤ ᠨᠠᠷᠢᠨ ᠣᠶᠢᠯᠭᠠᠶ᠎ᠠ︾ ᠭᠡᠪᠡ᠃ ᠪᠤᠭᠤᠲᠤ ᠶᠢᠨ ᠲᠤᠤ ᠪᠦᠸᠧ | ᠲᠡᠮᠢᠷ ᠤᠨ ᠬᠥᠳᠡᠯᠭᠡᠭᠡᠨ ᠤ ᠬᠤᠲᠠ ᠶᠢᠨ ᠬᠠᠷᠢᠭᠤᠴᠠᠯᠭᠠᠲᠠᠨ ᠯᠦ ᠮᠢᠩ ᠰᠤᠷᠪᠤᠯᠵᠢᠯᠠᠭᠴᠢ ᠳᠤ᠄ ︽ᠪᠢᠳᠡ ᠲᠣᠰ | ᠤᠳᠠᠭ᠎ᠠ 6 ᠲᠦᠷᠦᠯ ᠲᠡᠮᠳᠡᠭ ᠡᠨᠡ ᠬᠤᠳᠠᠯᠳᠤᠭᠠᠨ ᠤ ᠭᠠᠵᠠᠷ ᠲᠤ ᠤᠷᠤᠵᠤ ᠰᠠᠭᠤᠪᠠ᠂ ᠮᠥᠨ ᠴᠦ ᠮᠤᠤ ᠶᠧ ᠶᠢᠨ | ᠲᠢᠶᠠᠨ ᠳ᠋ᠢ ᠶᠢᠨ ᠨᠢᠭᠡᠨ ᠭᠤᠤᠯ ᠪᠣᠯᠬᠤ ᠭᠠᠵᠠᠷ ᠵᠦᠶ ᠶᠢᠨ ᠪᠠᠶᠢᠷᠢᠯᠠᠯ ᠢ ᠦᠵᠡᠵᠦ ᠲᠤᠭᠤᠬᠰᠠᠨ ᠶᠤᠮ᠂ ᠪᠢᠳᠡ | ᠪᠤᠭᠤᠲᠤ ᠶᠢᠨ ᠪᠡᠶ᠎ᠡ ᠶᠢᠨ ᠲᠠᠮᠢᠷ ᠤᠨ ᠲᠠᠸᠠᠷ ᠢ ᠵᠢᠵᠢᠭᠯᠡᠨ ᠬᠤᠳᠠᠯᠳᠤᠬᠤ ᠬᠡᠷᠡᠭᠯᠡᠭᠴᠢᠳ ᠤᠨ ᠬᠡᠷᠡᠭᠯᠡᠭᠡ ᠳᠤ ᠴᠤ᠋ | ᠰᠢᠨ᠎ᠡ ᠬᠡᠷᠡᠭᠯᠡᠬᠡᠨ ᠤ ᠪᠡᠶᠡᠴᠢᠯᠠᠨ ᠤᠶᠢᠯᠠᠭᠠᠯᠲᠠ ᠪᠠ ᠬᠠᠮᠤᠭ ᠤᠨ ᠶᠡᠷᠦᠩᠬᠡᠶᠢᠯᠡᠭᠰᠡᠨ ᠬᠠᠮᠤᠭ ᠤᠨ ᠪᠦᠷᠢᠨ ᠨᠢᠭᠡ | ᠦᠶᠯᠡᠳᠬᠦᠨ ᠤ ᠦᠶᠯᠡᠴᠢᠯᠡᠭᠡ ᠶᠢ ᠬᠠᠩᠭᠠᠬᠤ ᠪᠣᠯᠤᠨ᠎ᠠ︾ ᠬᠡᠵᠡᠢ᠃ | | | | | ᠣᠶᠢᠯᠠᠭᠠᠭᠰᠠᠨ ᠢᠶᠠᠷ᠂ ᠮᠤᠤ ᠶᠧ ᠲᠢᠶᠠᠨ ᠳ᠋ᠢ ᠪᠠᠷᠠᠭ᠎ᠠ ᠬᠤᠳᠠᠯᠳᠤᠨ ᠠᠪᠬᠤ ᠲᠥᠪ ᠨᠢ ᠬᠤᠲᠠ ᠶᠢᠨ ᠭᠤᠤᠯ | ᠲᠡᠩᠭᠡᠯᠢᠭ ᠪᠤᠯᠤᠬᠰᠠᠨ ᠪᠣᠯᠣᠳ ᠲᠡᠮᠦᠷ ᠵᠡᠭᠡᠯᠢ ᠶᠢᠨ ᠭᠤᠤᠯ ᠲᠤᠮᠳᠠ ᠨᠢ ᠪᠠᠶᠢᠷᠢᠯᠠᠵᠤ᠂ ᠭᠠᠵᠠᠷ ᠳᠤᠤᠷᠠᠬᠢ 3 | ᠳᠠᠪᠬᠤᠷᠭ᠎ᠠ᠂ ᠭᠠᠵᠠᠷ ᠲᠡᠭᠡᠷᠡᠬᠢ 5 ᠳᠠᠪᠬᠤᠷᠭ᠎ᠠ ᠪᠠᠶᠢᠵᠤ᠂ 14 ᠲᠦᠮᠡᠨ ᠲᠡᠭᠰᠢ ᠳᠥᠷᠪᠡᠯᠵᠢᠨ ᠮᠧᠲᠷ ᠪᠥᠬᠦᠶ | ᠤᠯᠤᠰ ᠤᠨ ᠳᠣᠲᠣᠭᠠᠳᠤ ᠭᠠᠳᠠᠭᠠᠳᠤ ᠶᠢᠨ ᠠᠯᠢ ᠣᠯᠠᠨ ᠨᠠᠷᠠᠲᠤ ᠲᠦᠷᠦᠯ ᠲᠡᠮᠳᠡᠭ ᠤᠨ ᠢᠳᠡᠬᠦ᠂ ᠡᠮᠦᠰᠬᠦ᠂ | ᠬᠡᠷᠡᠭᠯᠡᠬᠦ᠂ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠪᠠᠷᠠᠭ᠎ᠠ ᠬᠤᠳᠠᠯᠳᠤᠨ | ᠠᠪᠬᠤ ᠬᠤᠳᠠᠯᠳᠤᠭᠠᠨ ᠤ ᠬᠤᠲᠠ ᠪᠣᠯᠤᠨ᠎ᠠ᠃ ᠣᠳᠣᠬᠠᠨ ᠳᠤ 186 ᠳᠡᠯᠭᠡᠭᠦᠷ ᠤᠨ ᠤᠷᠤ ᠳᠤ ᠨᠢᠬᠡᠨᠳᠡ 173 | ᠳᠡᠯᠭᠡᠭᠦᠷ ᠤᠨ ᠤᠷᠤ ᠳᠤ ᠠᠷᠠᠯᠵᠢᠶᠠᠴᠢᠨ ᠤᠷᠢᠬᠤ ᠠᠵᠢᠯ ᠢ ᠪᠡᠶᠡᠯᠡᠭᠦᠯᠵᠦ᠂ ᠰᠢᠶᠤᠤ ᠮᠢ ᠶᠢᠨ ᠬᠤᠲᠠ ᠶᠢᠨ | ᠦᠵᠡᠭᠦᠯᠭᠡ ᠶᠢᠨ ᠲᠢᠩᠬᠢᠮ᠂ F426᠂ MUUFAMILY᠂ ᠵᠢᠶᠤᠤ ᠰᠢᠶᠠ᠂ ᠰᠢᠶᠠ ᠪᠦ᠋ ᠱᠢ ᠵᠡᠷᠭᠡ | ᠨᠠᠷᠠᠲᠤ ᠲᠦᠷᠦᠯ ᠲᠡᠮᠳᠡᠭ ᠢ ᠣᠷᠣᠭᠤᠯᠵᠤ ᠠᠪᠴᠢᠷᠠᠨ᠂ ᠥᠷᠭᠡᠨ ᠣᠯᠠᠨ ᠬᠤᠲᠠ ᠶᠢᠨ ᠠᠷᠠᠳ ᠲᠤ ᠪᠠᠷᠠᠭ᠎ᠠ | ᠬᠤᠳᠠᠯᠳᠤᠨ ᠠᠪᠬᠤ᠂ ᠬᠤᠰᠢᠭᠤᠷᠠᠯ ᠬᠡᠷᠡᠭᠯᠡᠭᠡ ᠶᠢ ᠣᠶᠢᠯᠠᠭᠠᠬᠤ᠂ ᠣᠨᠴᠠᠯᠢᠭᠲᠤ ᠢᠳᠡᠭᠡᠨ ᠤᠮᠳᠠᠭᠠᠨ᠂ ᠨᠠᠭᠠᠳᠤᠨ | ᠲᠤᠬᠯᠠᠬᠤ᠂ ᠬᠡᠷ ᠪᠦᠯᠢ ᠶᠢᠨ ᠵᠤᠭ᠎ᠠ ᠴᠡᠩᠭᠡᠯ᠂ ᠰᠤᠷᠤᠭᠠᠨ ᠬᠥᠮᠦᠵᠢᠯ ᠪᠣᠯᠪᠠᠰᠤᠷᠠᠯ ᠬᠦᠷᠳᠡᠬᠡᠬᠦ᠂ ᠠᠮᠢᠳᠤᠷᠠᠯ ᠤᠨ | ᠦᠶᠯᠡᠴᠢᠯᠡᠭᠡ᠂ ᠨᠡᠶᠢᠭᠡᠮ ᠤᠨ ᠬᠠᠷᠢᠯᠴᠠᠭᠠᠨ ᠤ ᠴᠤᠭᠯᠠᠭᠠᠨ᠂ ᠬᠤᠳᠠᠯᠳᠤᠭᠠᠨ ᠤ ᠶᠠᠪᠤᠳᠠᠯ ᠵᠤᠭ᠎ᠠ ᠰᠡᠯᠡᠭᠦᠴᠡᠯ᠂ | ᠰᠣᠶᠣᠯ ᠤᠨ ᠪᠦᠳᠦᠬᠡᠯᠴᠢ ᠡᠭᠦᠳᠦᠯᠲᠡ ᠶᠢᠨ ᠦᠵᠡᠰᠬᠦᠯᠡᠩ ᠵᠡᠷᠭᠡ ᠪᠥᠬᠦ ᠲᠠᠯ᠎ᠠ ᠶᠢᠨ ᠦᠶᠯᠡᠴᠢᠯᠡᠭᠡ ᠬᠠᠩᠭᠠᠬᠤ | ᠪᠣᠯᠤᠨ᠎ᠠ᠃ ᠪᠦᠬᠦ ᠡᠵᠡᠩᠨᠡᠯᠲᠡ ᠶᠢᠨ ᠬᠡᠯᠪᠡᠷᠢ ᠶᠢᠨ ᠬᠡᠷᠡᠭᠯᠡᠭᠡ ᠬᠠᠩᠭᠠᠬᠤ ᠠᠴᠠ ᠭᠠᠳᠠᠨ᠎ᠠ᠂ ᠮᠤᠤ ᠶᠧ ᠲᠢᠶᠠᠨ | ᠳ᠋ᠢ ᠶᠢᠨ ᠨᠡᠷᠡᠨ ᠭᠡᠷᠡᠯᠲᠦ ᠬᠡᠷ ᠳᠣᠲᠣᠷᠠᠬᠢ ᠶᠠᠪᠠᠭᠠᠨ ᠵᠡᠭᠡᠯᠢ᠂ ᠬᠡᠷ ᠤᠨ ᠭᠠᠳᠠᠨᠠᠬᠢ ᠭᠤᠤᠯ ᠰᠡᠳᠦᠪᠲᠦ ᠠᠭᠤᠳᠠᠮ | ᠲᠠᠯᠠᠪᠠᠶ ᠪᠣᠯᠤᠨ ᠬᠡᠷ ᠤᠨ ᠭᠠᠳᠠᠨᠠᠬᠢ LED ᠳᠡᠯᠭᠡᠴᠡ ᠵᠡᠷᠭᠡ ᠴᠢᠨᠠᠷ ᠰᠠᠶᠢᠲᠠᠶ ᠢᠵᠢ ᠪᠥᠷᠢᠳᠦᠭᠰᠡᠨ ᠲᠤᠨᠤᠭ | ᠲᠥᠬᠦᠭᠡᠷᠦᠮᠵᠢ ᠨᠢ ᠴᠦ ᠬᠡᠷᠡᠭᠯᠡᠭᠴᠢᠳ ᠲᠤ ᠪᠠᠶᠠᠷ ᠪᠠᠶᠠᠰᠬᠤᠯᠠᠩᠲᠤ ᠵᠤᠭ᠎ᠠ ᠰᠡᠯᠡᠭᠦᠴᠡᠯ ᠤᠨ ᠪᠠᠶᠠᠴᠢᠯᠠᠨ | ᠣᠶᠢᠯᠠᠭᠠᠯᠲᠠ ᠶᠢ ᠣᠯᠭᠤᠭᠰᠠᠨ ᠪᠠᠶᠢᠨ᠎ᠠ᠃ ᠪᠤᠭᠤᠲᠤ ᠶᠢᠨ ᠮᠤᠤ ᠶᠧ ᠲᠢᠶᠠᠨ ᠳ᠋ᠢ ᠪᠠᠷᠠᠭ᠎ᠠ ᠬᠤᠳᠠᠯᠳᠤᠨ ᠠᠪᠬᠤ | ᠲᠥᠪ ᠤᠨ ᠶᠡᠷᠦᠩᠬᠡᠢ ᠳᠠᠭᠠᠭᠠᠮᠠᠯ ᠶᠠᠩ ᠶᠤᠸᠠᠢ ᠹᠧᠩ᠄ ︽ᠮᠠᠨ ᠤ ᠣᠷᠣᠭᠤᠯᠵᠤ ᠠᠪᠴᠢᠷᠠᠭᠰᠠᠨ ᠬᠤᠳᠠᠯᠳᠤᠭ᠎ᠠ | ᠲᠡᠯᠬᠡᠬᠦᠷ ᠤᠨ ᠲᠤᠳᠤᠷ᠎ᠠ 14 ᠠᠩᠬᠠᠨ ᠤ ᠳᠡᠯᠭᠡᠭᠦᠷ᠂ 28 ᠬᠤᠰᠢᠭᠤᠴᠢ ᠲᠤᠰᠬᠠᠢ ᠳᠡᠯᠭᠡᠭᠦᠷ ᠪᠠᠶᠢᠵᠤ᠂ | ᠬᠡᠷᠡᠭᠯᠡᠭᠴᠢᠳ ᠲᠤ ᠨᠡᠩ ᠤᠯᠠᠨ ᠵᠦᠢᠯ ᠤᠨ ᠪᠠᠷᠠᠭ᠎ᠠ ᠬᠤᠳᠠᠯᠳᠤᠨ ᠠᠪᠬᠤ ᠰᠣᠩᠭᠤᠯᠲᠠ ᠬᠠᠩᠭᠠᠬᠤ ᠪᠤᠯᠤᠨ᠎ᠠ᠃ | ᠣᠲᠣ ᠪᠠᠶᠢᠭ᠎ᠠ ᠪᠤᠰᠤᠳ ᠲᠦᠷᠦᠯ ᠲᠡᠮᠳᠡᠭ ᠲᠤ ᠪᠢᠳᠡ ᠪᠠᠰᠠ ᠲᠠᠰ ᠳᠡᠪᠰᠢᠭᠦᠯᠵᠦ᠂ ᠪᠤᠭᠤᠲᠤ ᠶᠢᠨ ᠬᠤᠰᠢᠭᠤᠴᠢ | ᠲᠤᠰᠬᠠᠢ ᠳᠡᠯᠭᠡᠭᠦᠷ ᠢ ᠪᠠᠶᠢᠭᠤᠯᠵᠤ᠂ ᠪᠤᠭᠤᠲᠤ ᠶᠢᠨ ᠪᠦᠬᠦ᠋ᠢᠯᠡ ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠲᠥᠯᠥᠨ | ᠳᠠᠭᠠᠭᠤᠯᠬᠤ ᠪᠤᠯᠤᠨ᠎ᠠ︾ ᠬᠡᠵᠡᠢ᠃ | | | | | ᠮᠤᠤ ᠶᠧ ᠲᠢᠶᠠᠨ ᠳ᠋ᠢ ᠪᠠᠷᠠᠭ᠎ᠠ ᠬᠤᠳᠠᠯᠳᠤᠨ ᠠᠪᠬᠤ ᠲᠥᠪ ᠤᠨ ᠡᠵᠡᠩᠨᠡᠯᠲᠡ ᠡᠬᠢᠯᠡᠭᠰᠡᠨ ᠨᠢ ᠬᠤᠲᠠ ᠶᠢᠨ | ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠪᠥᠬᠦ ᠬᠤᠲᠠ ᠶᠢᠨ ᠣᠯᠠᠨ ᠲᠦᠮᠡᠨ ᠤ ᠬᠡᠷᠡᠭᠯᠡᠭᠡᠨ ᠤ ᠪᠠᠶᠢᠳᠠᠯ ᠢ | ᠪᠠᠶᠠᠯᠢᠭᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︵ᠰᠤᠷᠪᠤᠯᠵᠢᠯᠠᠭᠴᠢ᠄ ᠰᠢᠶᠤᠤ ᠯᠢ ᠶᠢᠩ᠂ ᠶᠠᠩ | ᠧᠨ ᠨᠢᠩ᠂ ᠭᠦᠸᠧ ᠪᠢᠩ ᠰᠢᠨ︶ | |