ᠨᠠᠰᠤᠵᠢᠯ ᠤᠨ ᠠᠰᠠᠷᠠᠮᠵᠢ ᠶᠢᠨ ᠮᠥᠩᠭᠦ ᠯᠦᠭᠡ ᠬᠤᠯᠪᠣᠭᠳᠠᠬᠤ ᠥᠪᠥᠷ ᠮᠣᠩᠭᠤᠯ ᠤᠨ ᠬᠠᠮᠤᠭ ᠤᠨ ᠰᠢᠨ᠎ᠡ ᠲᠣᠬᠢᠷᠠᠭᠤᠯᠤᠯᠲᠠ︕
ᠨᠡᠶᠢᠲᠡᠯᠡᠭᠰᠡᠨ ᠴᠠᠭ᠄
2024/7/3
      ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠤ ︽2024 ᠣᠨ ᠳᠤ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠶᠢᠨ ᠬᠠᠮᠳᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠳᠤ ᠮᠡᠳᠡᠭᠦᠯᠦᠨ ᠳᠠᠩᠰᠠᠯᠠᠭᠤᠯᠤᠭᠠᠳ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ︽2024 ᠣᠨ ᠳᠤ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ᠢ ᠨᠡᠶᠢᠲᠡᠯᠡᠪᠡ᠃      ᠤᠯᠤᠰ ᠠᠴᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ ᠨᠡᠮᠡᠭᠳᠡᠯ᠂ ᠪᠠᠷᠠᠭᠠᠨ ᠤ ᠦᠨ᠎ᠡ ᠶᠢᠨ ᠥᠰᠥᠯᠲᠡ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠬᠠᠷᠠᠭᠠᠯᠵᠠᠯ ᠤᠨ ᠲᠦᠪᠰᠢᠨ ᠢ ᠴᠠᠭ ᠲᠤᠨᠢ ᠲᠣᠬᠢᠷᠠᠭᠤᠯᠤᠨ ᠳᠡᠭᠡᠭᠰᠢᠯᠡᠭᠦᠯᠦᠨ᠎ᠡ᠃ 2024 ᠣᠨ ᠤ ᠪᠥᠬᠦ ᠤᠯᠤᠰ ᠤᠨ ᠲᠣᠬᠢᠷᠠᠭᠤᠯᠤᠯᠲᠠ ᠬᠢᠬᠦ ᠬᠠᠷᠢᠴᠠᠯ ᠢ 2023 ᠣᠨ ᠤ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠰᠠᠷ᠎ᠠ ᠶᠢᠨ ᠬᠥᠮᠦᠨ ᠳᠤᠮᠳᠠᠴᠢ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ 3.0 % ᠢᠶᠠᠷ ᠲᠣᠭᠲᠠᠭᠠᠪᠠ᠂ ᠡᠨᠡ ᠨᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠲᠠᠢ ᠵᠣᠬᠢᠴᠠᠭᠤᠯᠤᠨ᠂ ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠬᠦ ᠶᠢ ᠠᠵᠤ ᠠᠬᠤᠶ ᠪᠠ ᠡᠳ᠋ ᠤᠨ ᠬᠦᠴᠦᠨ ᠤ ᠦᠷᠭᠦᠯᠵᠢᠯᠡᠬᠦ ᠨᠡᠮᠡᠭᠳᠡᠯ ᠤᠨ ᠰᠠᠭᠤᠷᠢᠨ ᠳᠡᠭᠡᠷ᠎ᠡ ᠪᠠᠶᠢᠭᠤᠯᠬᠤ ᠱᠠᠭᠠᠷᠳᠠᠯᠭ᠎ᠠ ᠶᠢ ᠢᠯᠡᠷᠡᠭᠦᠯᠪᠡ᠃ 3.0 % ᠪᠣᠯ ᠳᠤᠮᠳᠠᠴᠢ ᠨᠡᠮᠡᠭᠳᠡᠯ ᠤᠨ ᠬᠡᠮᠵᠢᠶ᠎ᠡ ᠪᠤᠯᠤᠨ᠎ᠠ᠂ ᠬᠠᠷᠢᠨ ᠠᠵᠢᠯ ᠠᠴᠠ ᠪᠠᠨ ᠪᠠᠭᠤᠵᠤ ᠠᠮᠠᠷᠠᠭᠰᠠᠳ ᠨᠢᠭᠡᠪᠦᠷᠢ ᠳᠤ ᠴᠥᠮ 3.0 % ᠢᠶᠠᠷ ᠲᠤᠬᠢᠷᠠᠭᠤᠯᠤᠯᠳᠠ ᠬᠢᠨ᠎ᠡ ᠬᠡᠰᠡᠨ ᠲᠥᠬᠦᠮ ᠶᠠᠪᠤᠳᠠᠯ ᠪᠢᠰᠢ ᠶᠤᠮ᠂ ᠪᠣᠳᠠᠲᠠᠶ ᠪᠠᠷ ᠬᠡᠯᠡᠪᠡᠯ ᠬᠥᠮᠦᠨ ᠨᠢᠭᠡᠪᠦᠷᠢ ᠳᠤ ᠲᠣᠬᠢᠷᠠᠭᠤᠯᠤᠯᠲᠠ ᠬᠢᠬᠦ ᠪᠠᠷᠢᠮᠵᠢᠶ᠎ᠠ ᠨᠢ ᠬᠤᠪᠢ ᠬᠥᠮᠦᠨ ᠤ ᠰᠦᠢᠳᠭᠡᠯ ᠲᠤᠰᠢᠶᠠᠭᠰᠠᠨ ᠵᠢᠯ ᠬᠤᠭᠤᠴᠠᠭ᠎ᠠ᠂ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠦᠪᠰᠢᠨ᠂ ᠤᠨ ᠵᠢᠯ ᠵᠡᠷᠭᠡ ᠪᠠᠶᠢᠳᠠᠯ ᠲᠠᠢ ᠬᠤᠯᠪᠣᠭ᠎ᠠ ᠲᠠᠢ ᠶᠤᠮ᠃ ᠲᠣᠬᠢᠷᠠᠭᠤᠯᠤᠯᠲᠠ ᠬᠢᠵᠦ ᠨᠡᠮᠡᠭᠰᠡᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ 2024 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠭᠡᠷᠡᠭᠵᠢᠬᠦᠯᠬᠦ ᠪᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号