ᠶᠢᠨ ᠶᠦᠩ ᠯᠢ ᠭᠤᠤᠯᠳᠠᠯᠭ᠎ᠠ ᠲᠠᠢ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠪᠣᠯᠤᠨ ᠠᠶᠤᠯᠭᠦᠶ ᠦᠶᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/4
     7 ᠰᠠᠷ᠎ᠠ ᠶᠢᠨ 2 ᠤᠨ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠢᠨ ᠶᠦᠩ ᠯᠢ ᠮᠠᠨ ᠤ ᠲᠤᠭᠤᠷᠢᠭ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠪᠠ ᠠᠶᠤᠯᠬᠦᠢ ᠦᠶᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃        ᠶᠢᠨ ᠶᠦᠩ ᠯᠢ ᠨᠡᠷ ᠤᠷᠢᠳ ᠬᠤᠵᠢᠳ ᠠᠷᠠᠳ ᠤᠨ ᠬᠤᠪᠢ ᠤᠷᠤᠭᠤᠯᠤᠯᠲᠠ ᠢ ᠡᠷᠬᠡᠰᠢᠶᠡᠬᠦ᠂ ᠯᠦᠩ    ᠮᠠ ᠶᠢᠨ ᠳᠡᠭᠡᠳᠦ ᠲᠠᠰ ᠤᠨ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠤᠨ ᠠᠵᠤ ᠦᠶᠯᠡᠰ ᠤᠨ ᠬᠦᠷᠢᠶᠡᠯᠡᠩ ᠵᠡᠷᠭᠡ ᠲᠤᠯᠤᠭᠠᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠬᠦᠷᠴᠦ᠂ ᠲᠥᠷᠥᠯ ᠵᠦᠶᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠬᠢᠴᠠ᠂ ᠵᠠᠬ᠎ᠠ ᠳᠡᠯᠭᠡᠭᠦᠷ ᠤᠨ ᠬᠥᠭᠵᠢᠯᠲᠡ ᠶᠢᠨ ᠢᠷᠡᠭᠡᠳᠦᠶ ᠪᠣᠯᠤᠨ ᠠᠶᠤᠯᠭᠦᠶ ᠦᠶᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠴᠢᠷᠳᠡᠯ ᠢ ᠲᠤᠬᠠᠶ ᠶᠢᠨ ᠲᠠᠯᠠᠪᠠᠶ ᠳᠤ ᠰᠤᠳᠤᠯᠤᠨ ᠵᠣᠬᠢᠴᠠᠭᠤᠯᠤᠭᠰᠠᠨ ᠪᠥᠭᠡᠳ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠶᠢᠨ ᠶᠦᠩ ᠯᠢ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠪᠦᠬᠦ    ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠃ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠲᠥᠷᠥᠯ ᠵᠦᠶᠯ ᠢ ᠶᠡᠭᠡ ᠪᠠᠷ ᠠᠳᠬᠤᠬᠤ ᠢᠯᠡ ᠲᠣᠳᠣ ᠤᠳᠤᠷᠢᠳᠤᠮᠵᠢ ᠶᠢ ᠪᠠᠲᠤ ᠪᠣᠶ ᠪᠣᠯᠭᠠᠵᠤ᠂ ᠡᠭᠦᠷᠭᠡ ᠪᠠᠨ ᠴᠢᠨᠠᠭᠰᠢᠳᠠ ᠨᠠᠷᠢᠯᠢᠬᠵᠢᠭᠤᠯᠤᠨ᠂ ᠲᠣᠬᠢᠷᠠᠭᠤᠯᠤᠯᠲᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠴᠡᠭ ᠪᠠ ᠬᠠᠷᠠᠯᠲᠠ ᠶᠢ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ ᠠᠵᠢᠯᠯᠠᠵᠤ᠂ ᠰᠢᠨ᠎ᠡ ᠨᠡᠮᠡᠭᠳᠡᠯ ᠤᠨ ᠬᠡᠮᠵᠢᠶ᠎ᠡ ᠶᠢ ᠲᠦᠷᠭᠡᠳᠬᠡᠨ ᠪᠦᠷᠢᠯᠳᠦᠭᠦᠯᠵᠦ᠂ ᠪᠥᠬᠦ ᠲᠤᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠶ᠃ ᠴᠢᠬᠤᠯᠠ ᠡᠯᠧᠮᠧᠨ᠋ᠲ ᠤᠨ ᠦᠢᠯᠡᠴᠢᠯᠡᠭᠡ ᠪᠠᠲᠤᠯᠠᠭ᠎ᠠ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠠᠵᠤ ᠠᠬᠤᠶᠢᠯᠠᠯ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠮᠦᠨ᠎ᠡ ᠹᠷᠣᠨᠲ ᠲᠤ ᠪᠠᠶᠢᠩᠭᠤ ᠭᠦᠨᠵᠡᠭᠡᠶᠢᠷᠡᠵᠦ᠂ ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠪᠣᠳᠠᠲᠠᠢ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ᠂ ︽ᠯᠠᠪᠳᠠᠢ ᠰᠢᠢᠳᠪᠦᠷᠢᠯᠡᠬᠦ ᠠᠷᠭ᠎ᠠ ᠪᠠᠶᠢᠬᠤ ᠰᠡᠳᠬᠢᠬᠦᠢ︾ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠦᠭᠵᠢᠷᠡᠯ᠂ ᠬᠤᠷᠢᠭ᠎ᠠ ᠴᠡᠭ ᠤᠨ ᠠᠰᠠᠭᠤᠳᠠᠯ ᠢ ᠨᠡᠪᠲᠡᠷᠡᠭᠦᠯᠵᠦ᠂ ᠤᠰᠤ᠂ ᠴᠠᠬᠢᠯᠭᠠᠨ᠂ ᠰᠢᠲᠠᠮᠠᠬᠠᠢ ᠬᠡᠢ᠂ ᠵᠠᠮ᠂ ᠬᠤᠭᠤᠯᠠᠢ ᠶᠢᠨ ᠲᠣᠣᠷ ᠵᠡᠷᠭᠡ ᠢᠵᠢ ᠪᠦᠷᠢᠳᠦᠬᠦᠯᠬᠦ ᠲᠤᠨᠤᠭ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠵᠤ ᠠᠬᠤᠶᠢᠯᠠᠯ ᠨᠢ ᠦᠷ᠎ᠡ ᠪᠦᠲᠦᠮᠵᠢ ᠶᠢᠨ ᠤᠬᠠᠮᠰᠠᠷ ᠢᠶᠠᠨ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ᠂ ᠡᠬᠢ ᠪᠠᠶᠠᠯᠢᠭ ᠢ ᠲᠥᠪᠯᠡᠷᠡᠭᠦᠯᠵᠦ᠂ ᠬᠦᠴᠦᠨ ᠵᠦᠶᠯ ᠢ ᠬᠤᠷᠠᠮᠳᠤᠭᠤᠯᠤᠨ᠂ ᠣᠳᠣᠬᠠᠨ ᠤ ᠪᠠᠷᠢᠯᠭ᠎ᠠ ᠶᠢᠨ ᠠᠵᠢᠯ ᠤᠨ ︽ᠰᠢᠵᠢᠷ ᠠᠯᠲᠠᠨ ᠬᠤᠭᠤᠴᠠᠭ᠎ᠠ︾ ᠶᠢ ᠵᠠᠪᠳᠤᠨ ᠠᠳᠬᠤᠵᠤ᠂ ᠪᠠᠷᠢᠯᠭ᠎ᠠ ᠶᠢᠨ ᠬᠤᠭᠤᠴᠠᠭ᠎ᠠ ᠶᠢ ᠡᠳᠦᠷ ᠲᠤᠭᠠᠯᠠᠨ ᠵᠢᠭᠰᠠᠭᠠᠵᠤ᠂ ᠵᠢᠷᠤᠭ ᠡᠯᠭᠦᠨ ᠪᠠᠶᠢᠯᠳᠤᠵᠤ᠂ ᠲᠥᠷᠥᠯ ᠵᠦᠶᠯ ᠤᠨ ᠲᠣᠭᠲᠠᠭᠰᠠᠨ ᠬᠤᠭᠤᠴᠠᠭᠠᠨ ᠳᠠᠭᠠᠨ ᠪᠠᠶᠢᠭᠤᠯᠤᠭᠳᠠᠬᠤ ᠶᠢ ᠪᠠᠲᠤᠯᠠᠨ᠂ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠵᠦ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠶ᠃ ︽ᠴᠠᠭ ᠢᠮᠠᠭᠲᠠ ᠰᠡᠳᠬᠢᠯ ᠲᠠᠯᠪᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠶ ᠦᠶᠯᠡᠳᠪᠦᠷᠢᠯᠡᠯ ᠤᠨ ᠠᠵᠢᠯ ᠢ ᠴᠢᠩᠭ᠎ᠠ ᠠᠳᠬᠤᠨ ᠪᠣᠳᠠᠲᠠᠶ ᠠᠳᠬᠤᠵᠤ᠂ ᠠᠶᠤᠯᠭᠦᠶ ᠦᠶᠯᠡᠳᠪᠦᠷᠢᠯᠡᠯ ᠤᠨ ᠲᠦᠷᠢᠮ ᠲᠣᠭᠲᠠᠭᠠᠯ ᠪᠣᠯᠤᠨ ᠠᠵᠢᠯᠯᠠᠭᠠᠨ ᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠨᠠᠷᠢᠯᠢᠭ ᠰᠠᠶᠢᠲᠤᠷ ᠬᠢᠵᠦ᠂ ᠴᠡᠪᠡᠷ ᠲᠡᠭᠰᠢ᠂ ᠠᠮᠤᠷ ᠲᠦᠪᠰᠢᠨ ᠪᠣᠯᠪᠠᠰᠤᠨ ᠪᠠᠷᠢᠯᠭ᠎ᠠ ᠶᠢᠨ ᠭᠠᠵᠠᠷ ᠢ ᠴᠢᠷᠮᠠᠶᠢᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠪᠣᠯᠤᠨ ᠥᠨᠳᠥᠷ ᠲᠦᠪᠰᠢᠨ ᠬᠢᠭᠡᠳ ᠠᠮᠤᠷ ᠲᠦᠪᠰᠢᠨ ᠤ ᠰᠠᠶᠢᠨ ᠰᠠᠶᠢᠬᠠᠨ ᠬᠦᠳᠡᠯᠦᠯᠴᠡᠭᠡ ᠶᠢ ᠪᠡᠶᠡᠯᠡᠭᠦᠯᠬᠦ ᠬᠡᠷᠡᠭᠲᠡᠶ ᠭᠡᠪᠠ᠃       ᠲᠤᠭᠤᠷᠢᠭ ᠤᠨ ᠤᠳᠤᠷᠢᠳᠤᠯᠭ᠎ᠠ ᠹᠦ᠋ ᠢᠦᠶ᠂ ᠢᠦᠶ ᠷᠦᠢ ᠴᠢᠩ᠂ ᠰᠤ᠋ ᠵᠢᠶᠦ᠋ᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠯᠧᠢ ᠶᠤᠸᠠᠨ ᠶᠤᠸᠠᠨ   ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号