ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠢ ᠳᠠᠷᠤᠮᠠᠯᠯᠠᠨ ᠲᠠᠷᠬᠠᠭᠠᠬᠤ ᠲᠤᠬᠠᠶ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/7/8
ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠢ ᠳᠠᠷᠤᠮᠠᠯᠯᠠᠨ ᠲᠠᠷᠬᠠᠭᠠᠬᠤ ᠲᠤᠬᠠᠶ ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ            ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠠᠷᠬᠠᠭᠠᠪᠠ ﹇2024﹈ 8 ᠳ᠋ᠤᠭᠠᠷ ᠲᠣᠭᠠᠲᠤ ᠡᠯ᠎ᠡ ᠵᠡᠭᠡᠯᠢ ᠭᠤᠳᠤᠮᠵᠢ ᠪᠠᠯᠭᠠᠰᠤ᠂ ᠲᠣᠭᠤᠷᠢᠭ ᠲᠤ ᠰᠠᠭᠤᠭ᠎ᠠ᠂ ᠲᠣᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠢ ᠳᠤ᠄      ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠤᠬᠳᠠᠭᠠᠬᠤ ᠲᠤᠬᠠᠢ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠣᠭᠤᠷᠢᠭ ᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ᠂ ᠠᠷᠠᠳᠴᠢᠯᠠᠯ ᠲᠠᠢ᠂ ᠬᠠᠤᠯᠢ ᠶᠣᠰᠣᠭᠠᠷ ᠰᠢᠶᠳᠪᠦᠷᠢᠲᠦ ᠪᠤᠳᠤᠯᠭ᠎ᠠ ᠲᠣᠭᠲᠠᠭᠠᠬᠤ ᠶᠢ ᠠᠬᠢᠭᠤᠯᠬᠤ ᠶᠢᠨ ᠲᠦᠯᠦᠬᠡ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠲᠣᠭᠤᠷᠢᠭ ᠤᠨ ᠬᠠᠤᠯᠢ ᠴᠠᠭᠠᠵᠠ ᠶᠢᠨ ᠲᠤᠪᠴᠢᠶ᠎ᠠ ᠲᠠᠢ ᠬᠠᠮᠲᠤᠷᠠᠨ ᠡᠯ᠎ᠡ ᠵᠡᠭᠡᠯᠢ ᠭᠤᠳᠤᠮᠵᠢ ᠪᠠᠯᠭᠠᠰᠤ᠂ ᠲᠣᠭᠤᠷᠢᠭ ᠲᠤ ᠰᠠᠭᠤᠭ᠎ᠠ᠂ ᠲᠣᠭᠤᠷᠢᠭ ᠤᠨ ᠬᠠᠷᠢᠶ᠎ᠠ ᠡᠯ᠎ᠡ ᠰᠠᠯᠠᠭ᠎ᠠ ᠮᠥᠴᠢᠷ ᠲᠤ ᠬᠠᠨᠳᠤᠭᠤᠯᠤᠨ ᠨᠠᠷᠢᠨ ᠬᠢᠨᠠᠮᠠᠭᠠᠶ ᠰᠠᠨᠠᠯ ᠬᠤᠷᠢᠶᠠᠬᠰᠠᠨ ᠤ ᠳᠠᠷᠠᠭ᠎ᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠤ᠂ ᠡᠳᠦᠭᠡ ︽ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠤᠬᠳᠠᠭᠠᠬᠤ ᠵᠦᠶᠯᠡᠰ ᠤᠨ ᠭᠠᠷᠴᠠᠭ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠤᠯᠪᠣᠭᠳᠠᠯ ᠪᠥᠬᠦᠶ ᠰᠠᠯᠠᠭ᠎ᠠ ᠮᠥᠴᠢᠷ 2024 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠪᠡᠶᠡᠯᠡᠭᠦᠯᠬᠦ ᠬᠡᠷᠡᠭᠲᠡᠶ᠂ ᠲᠡᠭᠡᠬᠦ ᠮᠥᠷᠲᠡᠭᠡᠨ ᠣᠯᠠᠨ ᠨᠡᠶᠢᠲᠡ ᠶᠢᠨ ᠣᠷᠣᠯᠴᠠᠬᠤ᠂ ᠲᠤᠰᠬᠠᠶ ᠮᠡᠷᠭᠡᠵᠢᠯᠲᠡᠨ ᠤ ᠨᠤᠲᠠᠯᠠᠯᠲᠠ᠂ ᠲᠦᠭᠰᠢᠭᠦᠷᠢ ᠶᠢᠨ ᠦᠨᠡᠯᠡᠯᠲᠡ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠶᠢ ᠴᠢᠩᠭ᠎ᠠ ᠵᠢᠷᠤᠮᠯᠠᠵᠤ ᠬᠠᠤᠯᠢ ᠳᠤ ᠲᠣᠭᠲᠠᠭᠠᠭᠰᠠᠨ ᠲᠡᠰ ᠲᠠᠷᠠᠭᠠᠯᠠᠯ ᠢᠶᠠᠷ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠬᠦ ᠬᠡᠷᠡᠭᠲᠡᠢ᠂ ᠳᠠᠩᠰᠠ ᠡᠪᠬᠡᠮᠡᠯ ᠮᠠᠲ᠋ᠧᠷᠢᠶᠠᠯ ᠢ ᠡᠮᠬᠢᠯᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠴᠠᠭ ᠲᠤᠨᠢ ᠲᠣᠬᠢᠷᠠᠭᠤᠯᠤᠨ ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠬᠦ ᠬᠡᠷᠡᠭᠲᠡᠶ᠃                            ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                 2024 ᠣᠨ ᠤ 5 ᠰᠠᠷ᠎ᠠ ᠶᠢᠨ 14 ᠤ ᠡᠳᠦᠷ  ᠬᠥᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠤᠭᠳᠠᠭᠠᠬᠤ ᠵᠦᠶᠯᠡᠰ ᠤᠨ ᠭᠠᠷᠴᠠᠭ
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号