ᠠᠷᠠᠳ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠦᠶᠯᠡᠴᠢᠯᠡᠭᠡᠨ ᠤ ᠰᠢᠨ᠎ᠡ ᠵᠠᠭᠪᠤᠷ ᠢ ᠬᠥᠲᠥᠯᠥᠨ ᠳᠠᠭᠠᠭᠤᠯᠤᠨ᠎ᠠ
ᠨᠡᠶᠢᠲᠡᠯᠡᠭᠰᠡᠨ ᠴᠠᠭ᠄
2024/7/9
    ᠨᠢᠭᠡ ᠳᠤ᠂ ᠬᠥᠭᠵᠢᠯᠲᠡ ᠶᠢ ᠭᠦᠨᠵᠡᠭᠡᠶᠢᠷᠡᠭᠦᠯᠵᠦ᠂ ︽ᠭᠤᠣᠯ ᠰᠡᠳᠦᠪᠲᠦ ᠲᠠᠭᠤᠤ︾ ᠶᠢ ᠴᠢᠪᠬᠠᠳᠠᠪᠠ᠃ ᠨᠡᠶᠢᠭᠡᠮ ᠲᠣᠭᠤᠷᠢᠭ ᠤᠨ ᠠᠭᠤᠰᠤᠯᠴᠠᠬᠰᠠᠨ ᠮᠠᠶ᠋ᠢᠭ ᠤᠨ ᠦᠶᠯᠡᠴᠢᠯᠡᠭᠡᠨ ᠤ ᠲᠤᠨᠤᠭ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠵᠦ᠂ ᠬᠥᠨᠳᠡᠯᠡᠨ ᠲᠣᠭᠤᠷᠢᠭ ᠤᠨ ᠴᠢᠩᠭᠡᠯᠢᠭ ᠢ ᠦᠭᠡᠷᠡᠴᠢᠯᠡᠵᠦ ᠪᠠᠶᠢᠭᠠᠳ ᠪᠠᠶᠢᠭᠤᠯᠤᠭᠰᠠᠨ ᠵᠡᠭᠡᠯᠢ ᠶᠢᠨ ᠬᠠᠵᠠᠭᠤᠳᠠᠬᠢ ᠠᠩᠬᠠᠳᠠᠭᠴᠢ ᠰᠡᠳᠬᠢᠯ ᠢ ᠲᠤᠯᠠᠭᠠᠴᠠᠭᠤᠯᠬᠤ ᠥᠷᠲᠡᠭᠡ ᠶᠢ    ᠪᠠᠶᠢᠭᠤᠯᠪᠠ︔ ᠲᠤᠰᠬᠠᠢ ᠦᠢᠯᠡᠴᠢᠯᠡᠭᠡᠨ ᠤ ︽ᠲᠦᠭᠵᠢᠷᠡᠯ︾ ᠢ ᠪᠤᠭᠤᠮᠲᠠ ᠰᠢᠪᠲᠤᠯᠬᠤ ᠠᠵᠢᠯᠯᠠᠭ᠎ᠠ ᠶᠢ ᠥᠷᠨᠢᠭᠦᠯᠵᠦ᠂ ᠭᠡᠷᠡᠯᠲᠦᠭᠦᠯᠭᠡ᠂ ᠤᠰᠤ ᠬᠠᠩᠭᠠᠬᠤ ᠵᠡᠷᠭᠡ 460 ᠠᠰᠠᠭᠤᠳᠠᠯ ᠢ ᠬᠦᠴᠦ ᠪᠠᠨ ᠬᠠᠮᠲᠤᠳᠬᠠᠨ ᠰᠢᠢᠳᠪᠦᠷᠢᠯᠡᠪᠡ᠃ ᠬᠤᠶᠠᠷ ᠲᠤ᠂ ᠰᠡᠳᠬᠢᠯ ᠨᠢᠭᠡᠲᠦᠨ ᠬᠦᠴᠦ ᠪᠠᠨ ᠬᠠᠮᠲᠤᠳᠬᠠᠵᠤ᠂ ︽ᠡᠶ᠎ᠡ ᠵᠣᠬᠢᠴᠠᠩᠭᠤᠢ ᠶᠢᠨ ᠬᠦᠭ ᠠᠶᠠᠰ︾ ᠢ ᠴᠢᠪᠬᠠᠳᠠᠪᠠ᠃ ᠰᠤ᠋ ᠨᠢᠩ ᠺᠢᠨᠣ᠋ ᠶᠢᠨ ᠬᠤᠲᠠ ᠲᠠᠢ ᠬᠤᠯᠪᠣᠭᠠᠯᠠᠨ ᠬᠤᠪᠢᠰᠬᠠᠯᠲᠤ ᠺᠢᠨᠣ᠋ ᠦᠵᠡᠬᠦ ᠰᠠᠭᠤᠷᠢᠨ ᠢ ᠪᠠᠶᠢᠭᠤᠯᠵᠤ᠂ 6 ᠲᠦᠮᠡᠨ ᠬᠤᠪᠢ ᠨᠡᠶᠢᠲᠡ ᠶᠢᠨ ᠠᠰᠠᠷᠠᠮᠵᠢ ᠶᠢᠨ ᠺᠢᠨᠣ᠋ ᠦᠵᠡᠬᠦ ᠪᠢᠯᠧᠲ ᠢ    ᠲᠠᠷᠬᠠᠭᠠᠪᠠ᠃ ᠭᠤᠷᠪᠠ ᠳᠤ᠂ ᠮᠡᠷᠭᠡᠵᠢᠯ ᠴᠢᠳᠠᠪᠦᠷᠢ ᠪᠠᠨ ᠪᠠᠳᠠᠷᠠᠭᠤᠯᠵᠤ ᠰᠠᠭᠤᠭᠠᠯᠢ ᠠᠷᠠᠳ ᠤᠨ ︽ᠵᠣᠯ       ᠵᠢᠷᠭᠠᠯ ᠤᠨ ᠬᠦᠭ ᠠᠶᠠᠰ︾ ᠢ ᠴᠢᠪᠬᠠᠳᠠᠪᠠ᠃ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠪᠠᠷ ᠰᠠᠭᠤᠷᠢ ᠪᠣᠯᠭᠠᠭᠰᠠᠨ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠢ ᠠᠰᠠᠷᠠᠬᠤ ᠪᠠᠷ ᠲᠦᠰᠢᠭ ᠪᠣᠯᠭᠠᠭᠰᠠᠨ᠂ ᠵᠠᠬ᠎ᠠ ᠳᠡᠯᠭᠡᠭᠦᠷ ᠤᠨ ᠡᠵᠡᠩᠨᠡᠯᠲᠡ ᠪᠠᠷ ᠲᠤᠯᠭᠠᠭᠤᠷᠢᠯᠠᠯ ᠪᠣᠯᠭᠠᠭᠰᠠᠨ᠂ ᠲᠤᠰᠬᠠᠶ ᠦᠶᠯᠡᠴᠢᠯᠡᠭᠡ ᠪᠠᠷ ᠪᠠᠲᠤᠯᠠᠭ᠎ᠠ ᠪᠣᠯᠭᠠᠭᠰᠠᠨ ᠲᠠᠰ ᠳᠠᠪᠬᠤᠷᠭ᠎ᠠ ᠲᠥᠷᠥᠯ ᠬᠤᠪᠢᠶᠠᠭᠰᠠᠨ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠨᠡᠶᠢᠭᠡᠮ ᠲᠣᠭᠤᠷᠢᠭ ᠤᠨ ᠨᠠᠰᠤᠲᠠᠶᠢᠴᠤᠳ ᠢ ᠠᠰᠠᠷᠠᠬᠤ ᠦᠶᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ 30 ᠨᠠᠰᠤᠲᠠᠨ ᠳᠤ ᠪᠦᠷᠢᠨ ᠨᠠᠶᠢᠳᠠᠬᠤ ᠮᠠᠶ᠋ᠢᠭ ᠤᠨ ᠦᠶᠯᠡᠴᠢᠯᠡᠭᠡ ᠬᠠᠩᠭᠠᠵᠤ᠂ 2000 ᠨᠠᠰᠤᠲᠠᠨ ᠳᠤ ᠬᠢᠮᠳᠠ ᠦᠳᠡ ᠶᠢᠨ ᠬᠤᠭᠤᠯᠠ ᠳᠣᠭᠢᠷᠠᠭᠤᠯᠤᠨ ᠬᠦᠷᠭᠡᠬᠦ᠂ ᠡᠷᠡᠭᠦᠯ ᠮᠡᠨᠳᠦ  ᠶᠢᠨ ᠰᠤᠪᠢᠯᠠᠯᠲᠠ ᠵᠡᠷᠭᠡ ᠦᠶᠯᠡᠴᠢᠯᠡᠭᠡ ᠬᠠᠩᠭᠠᠪᠠ᠃ ︵ᠠᠷᠠᠳ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号