ᠪᠠᠭᠠᠴᠤᠤᠯ ᠵᠠᠮ ᠵᠡᠭᠡᠯᠢ ᠭᠤᠳᠤᠮᠵᠢ ︽ᠨᠡᠶᠢᠭᠡᠮ ᠲᠤᠭᠤᠷᠢᠭ ᠰᠤᠷᠭᠠᠭᠤᠯᠢ ᠬᠤᠯᠪᠣᠭᠠᠯᠠᠨ ᠬᠥᠳᠡᠯᠦᠯᠴᠡᠬᠦ︾ ᠦᠶᠯᠡᠴᠢᠯᠡᠭᠡᠨ ᠤ ᠲᠠᠪᠴᠠᠩ ᠢ ᠢᠳᠡᠪᠬᠢᠲᠡᠶ ᠪᠠᠶᠢᠭᠤᠯᠪᠠ
ᠨᠡᠶᠢᠲᠡᠯᠡᠭᠰᠡᠨ ᠴᠠᠭ᠄
2024/7/9
     ᠨᠢᠭᠡ ᠳᠤ᠂ ᠦᠨᠳᠦᠰᠦᠨ ᠱᠠᠲᠤᠨ ᠤ ᠵᠠᠰᠠᠯᠲᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ ᠪᠠᠭᠠᠴᠤᠤᠯ ᠵᠠᠮ ᠵᠡᠭᠡᠯᠢ ᠭᠤᠳᠤᠮᠵᠢ ︽ᠠᠰᠠᠭᠤᠳᠠᠯ ᠳᠤ ᠬᠠᠷᠢᠭᠤ ᠦᠭᠬᠦ — ᠰᠢᠢᠳᠪᠦᠷᠢᠯᠡᠬᠦ —  ᠦᠷ᠎ᠠ ᠳ᠋ᠦᠩ ᠢ ᠬᠠᠷᠢᠭᠤ ᠲᠤᠰᠬᠠᠬᠤ︾ ᠭᠤᠷᠪᠠ ᠶᠢ ᠨᠢᠭᠡ ᠴᠤᠭᠴᠠᠵᠢᠭᠤᠯᠤᠭᠰᠠᠨ ︽ᠶᠡᠭᠡ ᠳᠡᠭᠡᠳᠦ ᠰᠤᠷᠭᠠᠭᠤᠯᠢ — ᠨᠡᠶᠢᠭᠡᠮ ᠲᠣᠭᠤᠷᠢᠭ︾ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠢᠳᠡᠪᠬᠢᠲᠡᠶ ᠰᠦᠪᠡᠭᠴᠢᠯᠡᠵᠦ᠂ ᠰᠤᠷᠤᠭᠴᠢᠳ ᠤᠨ ᠪᠦᠯᠬᠦᠮ ᠨᠡᠶᠢᠲᠡ ᠶᠢᠨ ᠬᠠᠮᠵᠢᠯᠴᠠᠬᠤ ᠴᠢᠳᠠᠪᠤᠷᠢ ᠪᠠ ᠨᠡᠪᠲᠡᠷᠡᠯᠴᠡᠬᠦ ᠴᠢᠳᠠᠪᠤᠷᠢ ᠶᠢ ᠴᠢᠩᠭᠠᠷᠠᠭᠤᠯᠪᠠ᠃ ᠬᠤᠶᠠᠷ ᠲᠤ᠂ ᠬᠠᠮᠵᠢᠯᠴᠠᠨ ᠬᠥᠮᠦᠨ ᠬᠥᠮᠦᠵᠢᠭᠦᠯᠬᠦ ᠳᠤ ᠪᠠᠲᠤ ᠪᠠᠬᠢ ᠰᠠᠭᠤᠷᠢ ᠶᠢ  ᠲᠠᠯᠪᠢᠪᠠ᠃ ᠰᠠᠭᠤᠭᠠᠯᠢ ᠠᠷᠠᠳ ᠲᠤ ᠳᠣᠭᠢᠷᠠᠬᠤ ᠶᠡᠭᠡ ᠳᠡᠭᠡᠳᠦ ᠰᠤᠷᠭᠠᠭᠤᠯᠢ ᠶᠢᠨ ᠡᠬᠢ ᠪᠠᠶᠠᠯᠢᠭ ᠢ ᠨᠡᠶᠢᠳᠬᠡᠵᠦ ᠨᠡᠶᠢᠭᠡᠮ ᠲᠣᠭᠤᠷᠢᠭ ᠲᠡᠶᠢᠰᠢ ᠤᠷᠲᠤᠳᠬᠠᠵᠤ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ ᠰᠢᠨ᠎ᠡ ᠰᠢᠰᠲ᠋ᠧᠮ ᠢ ᠪᠠᠶᠢᠭᠤᠯᠪᠠ᠃ ︽ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠦᠶᠯᠡᠴᠢᠯᠡᠭᠡᠨ ᠤ    ᠥᠷᠲᠡᠭᠡ︾ ᠪᠠᠶᠢᠭᠤᠯᠤᠭᠳᠠᠭᠰᠠᠨ ᠠᠴᠠ ᠨᠠᠭᠠᠰᠢ᠂ ᠵᠡᠭᠡᠯᠢ ᠭᠤᠳᠤᠮᠵᠢ ᠪᠣᠯᠤᠨ ᠶᠡᠭᠡ ᠳᠡᠭᠡᠳᠦ ᠰᠤᠷᠭᠠᠭᠤᠯᠢ ᠶᠢᠨ  ᠬᠢᠨ ᠨᠡᠶᠢᠲᠡ 18 ᠤᠳᠠᠭᠠᠨ ᠤ ᠣᠨᠴᠠᠯᠢᠭᠲᠤ ᠪᠣᠯᠪᠠᠰᠤᠷᠠᠯ ᠢ ᠬᠠᠮᠲᠤ ᠪᠠᠷ ᠥᠷᠨᠢᠭᠦᠯᠵᠦ᠂ 860 ᠭᠠᠷᠤᠶ ᠰᠠᠭᠤᠭᠠᠯᠢ ᠠᠷᠠᠳ ᠢ ᠨᠥᠯᠥᠭᠡᠯᠡᠪᠡ᠃ ᠭᠤᠷᠪᠠ ᠳᠤ᠂ ᠨᠡᠶᠢᠭᠡᠮ ᠤᠨ ᠳᠠᠪᠰᠢᠯᠲᠠ ᠳᠤ ᠳᠣᠲᠣᠭᠠᠳᠤ ᠬᠥᠳᠡᠯᠭᠡᠬᠦ ᠬᠦᠴᠦᠨ ᠬᠠᠩᠭᠠᠪᠠ᠃ ᠢᠳᠡᠪᠬᠢᠲᠡᠢ ᠪᠠᠷ ᠰᠤᠷᠤᠭᠴᠢ ᠶᠢᠨ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ᠰᠤᠷᠭᠠᠭᠤᠯᠢ ᠨᠡᠶᠢᠭᠡᠮ ᠲᠤᠭᠤᠷᠢᠭ ᠬᠤᠯᠪᠤᠯᠳᠤᠨ ᠬᠥᠳᠡᠯᠦᠯᠴᠡᠬᠦ ᠪᠠᠷ ᠲᠦᠰᠢᠭ ᠪᠣᠯᠭᠠᠵᠤ᠂ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠲᠤᠭᠤᠷᠢᠭ ᠤᠨ ᠨᠣᠮ ᠤᠨ ᠰᠠᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠵᠡᠷᠭᠡ ᠬᠠᠮᠲᠤ ᠪᠠᠷ ᠪᠠᠶᠢᠭᠤᠯᠬᠤ ᠨᠢᠭᠡᠴᠢ ᠯᠦᠭᠡ ᠬᠤᠯᠪᠣᠭᠠᠯᠠᠨ ᠰᠤᠷᠤᠭᠴᠢ ᠶᠢᠨ ᠬᠡᠷᠡᠭᠴᠡᠭᠡ ᠶᠢ ᠨᠠᠷᠢᠯᠢᠭ ᠣᠨᠣᠪᠴᠢᠲᠠᠶ ᠪᠠᠷ ᠵᠣᠯᠭᠠᠭᠤᠯᠬᠤ ᠰᠣᠶᠣᠯ ᠤᠨ ᠦᠶᠯᠡᠴᠢᠯᠡᠭᠡᠨ ᠤ ᠲᠥᠷᠥᠯ ᠵᠦᠶᠯ ᠢ ᠡᠭᠦᠳᠪᠡ᠃ ᠡᠨᠡ ᠵᠢᠯ ᠠᠴᠠ ᠨᠠᠭᠠᠰᠢ᠂ ᠶᠡᠭᠡ ᠳᠡᠭᠡᠳᠦ ᠰᠤᠷᠭᠠᠭᠤᠯᠢ ᠶᠢᠨ ᠰᠠᠶᠢᠨ ᠳᠤᠷᠠᠴᠤᠳ ᠨᠢᠭᠡᠨᠲᠡ 9 ᠨᠡᠶᠢᠭᠡᠮ ᠲᠣᠭᠤᠷᠢᠭ ᠲᠤ 30 ᠭᠠᠷᠤᠶ ᠤᠳᠠᠭ᠎ᠠ ᠰᠠᠶᠢᠨ ᠳᠤᠷ᠎ᠠ ᠶᠢᠨ ᠠᠵᠢᠯᠯᠠᠭ᠎ᠠ ᠥᠷᠨᠢᠭᠦᠯᠵᠦ᠂ 600 ᠭᠠᠷᠤᠶ ᠰᠠᠭᠤᠭᠠᠯᠢ ᠠᠷᠠᠳ ᠲᠤ ᠦᠶᠯᠡᠴᠢᠯᠡᠪᠡ᠃ ︵ᠪᠠᠭᠠᠴᠤᠤᠯ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号