6 ᠰᠠᠷ᠎ᠠ ᠶᠢᠨ 28 ᠤ ᠡᠳᠦᠷ ᠬᠥᠨᠳᠡᠯᠡᠨ ᠲᠣᠭᠤᠷᠢᠭ ︽ᠪᠥᠬᠦ ᠤᠯᠤᠰ ᠤᠨ ᠰᠦᠯᠵᠢᠶᠡᠨ ᠤ ᠬᠠᠤᠯᠢ ᠶᠢᠨ ᠮᠡᠳᠡᠯᠬᠡ ᠶᠢ ᠲᠦᠭᠡᠮᠡᠯᠵᠢᠭᠦᠯᠬᠦ ᠠᠶᠠᠯᠠᠯ · ᠥᠪᠥᠷ ᠮᠣᠩᠭᠤᠯ ᠥᠷᠲᠡᠭᠡ︾ ᠶᠢᠨ ᠰᠢᠨᠵᠢᠯᠡᠬᠦ ᠤᠬᠠᠭᠠᠨ  ᠤ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/9
     ᠲᠣᠰ ᠠᠵᠢᠯᠯᠠᠭ᠎ᠠ ᠶᠢ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠲᠤᠭᠤᠷᠢᠭ ᠤᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠶᠢᠨ ᠵᠦᠪᠯᠡᠯ ᠤᠨ ᠠᠯᠪᠠᠨ ᠬᠡᠷ ᠲᠠᠢ ᠬᠠᠮᠲᠤᠷᠠᠨ ᠡᠷᠭᠢᠯᠡᠵᠦ᠂ ᠲᠤᠭᠤᠷᠢᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠶᠯᠡᠰ ᠪᠤᠰᠬᠠᠬᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠩᠭᠢ ᠬᠠᠮᠵᠢᠯᠴᠠᠨ ᠡᠷᠭᠢᠯᠡᠪᠡ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 200 ᠭᠠᠷᠤᠶ ᠳᠡᠪᠲᠡᠷ ᠰᠢᠨᠵᠢᠯᠡᠬᠦ ᠤᠬᠠᠭᠠᠨ ᠤ ᠮᠡᠳᠡᠯᠬᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠵᠠᠭᠤ ᠰᠢᠬᠠᠮ ᠣᠯᠠᠨ ᠲᠦᠮᠡᠨ ᠳᠤ ᠵᠥᠪᠯᠡᠯᠭᠡ ᠥᠭᠬᠦ ᠦᠶᠯᠡᠴᠢᠯᠡᠭᠡ ᠬᠠᠩᠭᠠᠵᠤ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠶᠢ ᠤᠶᠠᠯᠳᠤᠭᠤᠯᠤᠭᠰᠠᠨ ᠤᠬᠠᠭᠤᠯᠭ᠎ᠠ ᠶᠢᠨ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠤ ᠰᠦᠯᠵᠢᠶᠡᠨ ᠤ ᠬᠠᠤᠯᠢ ᠪᠠᠷ ᠵᠠᠰᠠᠬᠤ ᠬᠡᠪ ᠪᠣᠯᠪᠠᠰᠤᠷᠠᠯ ᠪᠠ ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠪᠡ᠃  ︵ᠬᠠᠤᠯᠢ ᠴᠠᠭᠠᠵᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号