7 ᠰᠠᠷ᠎ᠠ ᠶᠢᠨ 1 ᠤ ᠡᠳᠦᠷ ᠬᠥᠨᠳᠡᠯᠡᠨ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠠᠭᠤᠴᠢᠨ ᠰᠣᠨᠢᠨ ᠰᠡᠳᠬᠦᠯ ᠤᠨ ᠦᠵᠡᠭᠦᠯᠭᠡ ᠡᠬᠢᠯᠡᠪᠡ
ᠨᠡᠶᠢᠲᠡᠯᠡᠭᠰᠡᠨ ᠴᠠᠭ᠄
2024/7/9
    ᠠᠵᠢᠯᠯᠠᠭ᠎ᠠ ᠶᠢ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠲᠠᠩᠰᠠ ᠡᠪᠬᠡᠮᠡᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠣᠶᠣᠯ ᠵᠢᠭᠤᠯᠴᠢᠯᠠᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠲᠤᠭᠤᠷᠢᠭ ᠤᠨ ᠲᠠᠩᠰᠠ ᠡᠪᠬᠡᠮᠡᠯ ᠣᠷᠣᠨ ᠨᠤᠲᠤᠭ ᠤᠨ ᠣᠶᠢᠯᠠᠯᠭ᠎ᠠ ᠶᠢᠨ ᠣᠷᠳᠣᠨ᠂ ᠰᠣᠶᠣᠯ ᠤᠨ ᠣᠷᠳᠣᠨ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠪᠡ᠃ ᠲᠤᠰ ᠤᠳᠠᠭᠠᠨ ᠤ ᠦᠵᠡᠰᠬᠦᠯᠡᠩ ᠨᠢ ᠲᠡᠦᠬᠡ ᠶᠢᠨ ᠳᠤᠷᠠᠰᠤᠮᠵᠢ ᠶᠢ ᠠᠴᠢᠶᠠᠯᠠᠭᠰᠠᠨ ᠬᠠᠭᠤᠴᠢᠨ ᠰᠣᠨᠢᠨ ᠰᠡᠳᠬᠦᠯ ᠤᠨ ᠤᠭ ᠡᠬᠡ ᠪᠠᠷ ᠭᠤᠣᠯᠯᠠᠵᠤ᠂ ᠵᠤᠤ ᠵᠢᠶᠦ᠋ᠨ ᠠᠷᠤ ᠭᠠᠵᠠᠷ ᠲᠦᠷ ᠮᠤᠷᠳᠠᠭᠰᠠᠨ᠂ ᠮᠣᠩᠭᠤᠯ ᠮᠣᠷᠢ ᠵᠡᠷᠭᠡ ᠤᠮᠠᠷᠠᠲᠤ ᠬᠢᠯᠢ ᠶᠢᠨ ᠲᠡᠦᠬᠡ ᠰᠣᠶᠣᠯ ᠢ ᠬᠠᠷᠠᠭᠤᠯᠤᠭᠰᠠᠨ ᠸᠠᠭᠠᠷ ᠤᠨ ᠤᠷᠠᠯᠢᠭ ᠤᠨ ᠪᠦᠲᠦᠭᠡᠯ ᠵᠢᠴᠢ ︽ᠤᠯᠠᠭᠠᠨ ᠠᠨᠠᠷ︾᠂ ︽ᠲᠠᠪᠢᠨ ᠵᠢᠷᠭᠤᠭᠠᠨ ᠦᠨᠳᠦᠰᠦᠲᠡᠨ︾ ᠢᠶᠠᠷ ᠭᠤᠣᠯ ᠰᠡᠳᠦᠪ ᠪᠣᠯᠭᠠᠭᠰᠠᠨ ᠴᠠᠭᠠᠰᠤᠨ ᠬᠠᠶᠢᠴᠢᠯᠠᠮᠠᠯ᠂ ᠮᠣᠳᠣᠨ ᠰᠡᠶᠢᠯᠦᠮᠡᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠭᠠᠷ ᠤᠷᠠᠯᠠᠯ ᠤᠨ ᠪᠦᠲᠦᠭᠡᠯ ᠢ ᠳᠡᠯᠭᠡᠨ ᠦᠵᠡᠭᠦᠯᠵᠡᠢ᠃ ︵ᠲᠤᠰ ᠰᠡᠳᠬᠦᠯ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号