8 ᠰᠠᠷ᠎ᠠ ᠶᠢᠨ 11 ᠤ ᠡᠳᠦᠷ ᠬᠥᠨᠳᠡᠯᠡᠨ ᠲᠣᠭᠤᠷᠢᠭ ︽ᠲᠤᠯᠤᠭᠠᠨ ᠰᠠᠷ᠎ᠠ ᠶᠢᠨ ᠲᠤᠯᠤᠭᠠᠨ ᠤ ᠠᠶᠠᠨ ᠷᠣᠮᠠᠨᠲ᠋ᠢᠭ ᠪᠣᠯᠵᠤᠭ᠎ᠠ︾ ᠵᠠᠯᠠᠭᠤᠴᠤᠳ ᠤᠨ ᠨᠥᠬᠦᠷᠯᠡᠯ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ
ᠨᠡᠶᠢᠲᠡᠯᠡᠭᠰᠡᠨ ᠴᠠᠭ᠄
2024/8/13
     ᠠᠵᠢᠯᠯᠠᠭ᠎ᠠ ᠶᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠡᠪᠯᠡᠯ ᠤᠨ ᠬᠤᠷᠢᠶ᠎ᠠ ᠵᠢᠴᠢ ᠡᠮᠡᠭᠲᠡᠶᠢᠴᠦᠳ ᠤᠨ ᠬᠤᠯᠪᠤᠭ᠎ᠠ   ᠠᠴᠠ ᠬᠠᠮᠲᠤᠷᠠᠨ ᠡᠷᠭᠢᠯᠡᠵᠦ᠂ ᠭᠠᠭᠴᠠ ᠪᠡᠶ᠎ᠡ ᠶᠢᠨ 200 ᠭᠠᠷᠤᠶ ᠡᠷᠡᠭᠲᠡᠶ ᠡᠮᠡᠭᠲᠡᠶ ᠶᠢ ᠵᠤᠬᠢᠶᠠᠨ ᠪᠠᠶᠢᠭᠤᠯᠤᠨ ᠣᠷᠣᠯᠴᠠᠭᠤᠯᠵᠤ᠂ ᠲᠤᠬᠠᠶ ᠶᠢᠨ ᠲᠠᠯᠠᠪᠠᠶ ᠳᠤ ᠤᠷ᠎ᠠ ᠠᠪᠢᠶᠠᠰ ᠤᠨ ᠦᠵᠡᠭᠦᠯᠭᠡ ᠪᠠ ᠬᠠᠶᠢᠷ᠎ᠠ ᠰᠡᠳᠬᠢᠯᠬᠡ ᠪᠠᠨ ᠢᠯᠡᠳᠬᠡᠬᠦ ᠵᠡᠷᠭᠡ ᠬᠤᠪᠢ ᠬᠥᠮᠦᠨ ᠤ ᠦᠪᠡᠷ ᠢ ᠪᠠᠨ ᠲᠡᠯᠬᠡᠨ ᠦᠵᠡᠭᠦᠯᠬᠦ ᠭᠤᠭᠴᠤᠭ᠎ᠠ ᠭᠠᠷᠭᠠᠵᠤ᠂ ᠨᠡᠶᠢᠲᠡ 100 ᠭᠠᠷᠤᠶ ᠬᠤᠪᠢ ᠵᠢᠵᠢᠭ ᠪᠡᠯᠡᠭ ᠲᠠᠷᠬᠠᠭᠠᠪᠠ᠃ ᠲᠤᠰ ᠤᠳᠠᠭ᠎ᠠ ᠶᠢᠨ ᠨᠥᠬᠦᠷᠯᠡᠯ ᠤᠨ ᠬᠤᠷᠠᠯ ᠨᠢ ᠵᠠᠯᠠᠭᠤ ᠴᠢᠳᠠᠪᠤᠷᠢᠲᠠᠨ ᠳᠤ ᠨᠡᠶᠢᠭᠡᠮ ᠤᠨ ᠬᠠᠷᠢᠯᠴᠠᠭᠠᠨ ᠤ ᠠᠵᠠ ᠲᠣᠬᠢᠶᠠᠯ ᠬᠠᠩᠭᠠᠵᠤ᠂ ᠨᠡᠩ ᠤᠯᠠᠨ ᠵᠠᠯᠠᠭᠤᠴᠤᠳ ᠤᠨ ᠬᠥᠨᠳᠡᠯᠡᠨ ᠲᠣᠭᠤᠷᠢᠭ ᠲᠤ ᠦᠨᠳᠦᠰᠦᠯᠡᠬᠦ ᠶᠢ ᠵᠣᠷᠢᠭᠵᠢᠭᠤᠯᠪᠠ᠃ ︵ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号