8 ᠰᠠᠷ᠎ᠠ ᠶᠢᠨ 10 ᠤ ᠡᠳᠦᠷ ︽ᠰᠡᠳᠬᠢᠯ ᠢᠶᠠᠨ ᠢᠯᠡᠳᠬᠡᠬᠦ ᠲᠤᠯᠤᠭᠠᠨ ᠰᠠᠷ᠎ᠠ ᠶᠢᠨ ᠲᠤᠯᠤᠭᠠᠨ ᠤ ᠰᠥᠨᠢ · ᠬᠠᠶᠢᠷ᠎ᠠ ᠶᠢᠨ ᠬᠦᠨᠳᠡᠯᠡᠨ︾ ᠬᠥᠨᠳᠡᠯᠡᠨ ᠲᠣᠭᠤᠷᠢᠭ ᠤᠨ ᠵᠠᠭᠤᠨ ᠬᠥᠮᠦᠨ ᠤ ᠢᠨᠠᠭ ᠤᠨ ᠪᠤᠯᠵᠤᠭ᠎ᠠ ᠳᠠᠭᠤᠤ ᠬᠥᠭᠵᠢᠮ ᠤᠨ ᠦᠳᠡᠰᠢᠯᠡᠭᠡ ᠵᠢᠴᠢ ᠲᠤᠯᠤᠭᠠᠨ ᠰᠠᠷ᠎ᠠ ᠶᠢᠨ ᠲᠤᠯᠤᠭᠠᠨ ᠤ ᠡᠳᠦᠷ ᠤᠨ ᠰᠡᠳᠬᠢᠯ ᠢᠶᠠᠨ ᠢᠯᠡᠳᠬᠡᠬᠦ ᠭᠤᠤᠯ ᠰᠡᠳᠦᠪᠲᠦ ᠠᠵᠢᠯᠯᠠᠭ᠎ᠠ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2024/8/14
   ᠠᠵᠢᠯᠯᠠᠭ᠎ᠠ ᠶᠢ ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠠᠮᠲᠤᠷᠠᠨ ᠡᠷᠭᠢᠯᠡᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠨᠡᠶᠢᠲᠡ 230 ᠬᠥᠮᠦᠨ ᠨᠠᠶᠢᠵᠠᠯᠠᠵᠤ ᠨᠥᠬᠦᠷᠯᠡᠬᠦ᠂ ᠰᠡᠳᠬᠢᠯ ᠢᠶᠠᠨ ᠢᠯᠡᠳᠬᠡᠬᠦ ᠵᠡᠷᠭᠡ ᠭᠤᠭᠴᠤᠭ᠎ᠠ ᠳᠤ ᠣᠷᠣᠯᠴᠠᠵᠤ᠂ ᠲᠠ ᠲᠦᠷᠰᠦᠯᠡᠵᠦ ᠪᠢ ᠬᠠᠷᠢᠭᠤᠯᠬᠤ᠂ ᠰᠣᠨᠢᠨ ᠨᠤᠭᠤᠯᠬᠤ ᠵᠡᠷᠭᠡ ᠲᠣᠭᠯᠠᠭᠠᠮ ᠢᠶᠠᠷ ᠳᠡᠮᠵᠢᠨ᠂ ᠭᠠᠭᠴᠠ ᠪᠡᠶ᠎ᠡ ᠡᠷᠡᠭᠲᠡᠶ ᠡᠮᠡᠭᠲᠡᠶ ᠶᠢᠨ ᠲᠠᠨᠢᠯ ᠪᠤᠰᠤ ᠪᠦᠱᠦᠬᠦᠷᠭᠡᠬᠦ ᠪᠠᠶᠢᠳᠠᠯ ᠢ ᠡᠪᠳᠡᠵᠦ᠂ ᠬᠠᠷᠢᠯᠴᠠᠨ ᠣᠶᠢᠯᠠᠭᠠᠯᠴᠠᠭ᠎ᠠ ᠪᠠᠨ ᠨᠡᠮᠡᠭᠳᠡᠭᠦᠯᠬᠦ ᠶᠢ ᠠᠬᠢᠭᠤᠯᠪᠠ᠃ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠪᠥᠬᠦ ᠬᠤᠲᠠ ᠳᠤ ᠬᠠᠮᠤᠭ ᠤᠨ ᠲᠦᠷᠦᠬᠦᠨ ᠳᠤ ᠡᠤ ᠶᠤᠸᠠᠢ ᠠᠭᠤᠳᠠᠮ ᠲᠠᠯᠠᠪᠠᠶ ᠳᠤ ᠣᠷᠤᠭ ᠳᠠᠩᠰᠠᠯᠠᠬᠤ ᠬᠤᠪᠢᠶᠠᠷᠢ ᠲᠠᠯᠠᠪᠠᠶ ᠶᠢ ᠪᠠᠶᠢᠭᠤᠯᠵᠤ᠂ ᠣᠷᠤᠭ ᠳᠠᠩᠰᠠᠯᠠᠬᠤ ᠲᠤᠬᠠᠶᠢᠯᠠᠭᠰᠠᠨ ᠠᠵᠢᠯ ᠢ ᠵᠡᠷᠭᠡ ᠳᠤᠨᠢ ᠭᠦᠶᠴᠡᠳᠬᠡᠵᠦ᠂ ᠬᠤᠲᠠ ᠶᠢᠨ ᠠᠷᠠᠳ ᠤᠨ ᠲᠤᠯᠤᠭᠠᠨ ᠰᠠᠷ᠎ᠠ ᠶᠢᠨ ᠲᠤᠯᠤᠭᠠᠨ ᠤ ᠦᠳᠡᠰᠢ ᠶᠢᠨ ᠣᠷᠤᠭ ᠳᠠᠩᠰᠠᠯᠠᠭᠤᠯᠬᠤ ᠬᠡᠷᠡᠭᠴᠡᠭᠡ ᠶᠢ ᠬᠠᠩᠭᠠᠬᠤ ᠶᠢᠨ ᠬᠠᠮᠲᠤ ᠤᠷᠤᠭ ᠲᠠᠩᠰᠠᠯᠠᠭᠤᠯᠬᠤ ᠰᠢᠨ᠎ᠡ ᠬᠥᠮᠦᠨ ᠳᠤ ᠣᠷᠤᠭ ᠤᠨ ᠵᠥᠪᠯᠡᠯᠭᠡ ᠥᠭᠬᠦ ᠦᠶᠯᠡᠴᠢᠯᠡᠭᠡ ᠬᠠᠩᠭᠠᠵᠤ᠂ ᠰᠢᠨ᠎ᠡ ᠬᠥᠮᠦᠨ ᠢ ᠬᠥᠲᠥᠯᠦᠨ ᠵᠢᠯᠣᠭᠤᠳᠴᠤ ᠵᠥᠪ ᠣᠨᠣᠪᠴᠢᠲᠠᠶ ᠣᠷᠤᠭ ᠤᠨ ᠦᠵᠡᠯᠲᠡ᠂ ᠬᠡᠷ ᠪᠦᠯᠢ ᠶᠢᠨ ᠦᠵᠡᠯᠲᠡ ᠶᠢ ᠪᠣᠶ ᠪᠣᠯᠭᠠᠵᠤ᠂ ᠲᠤᠯᠤᠭᠠᠨ ᠰᠠᠷ᠎ᠠ ᠶᠢᠨ ᠲᠤᠯᠤᠭᠠᠨ ᠤ ᠪᠠᠶᠠᠷ ᠲᠤ ᠨᠡᠶᠢᠲᠡ 102 ᠠᠮᠠᠷᠠᠭ ᠬᠤᠤᠰ ᠣᠷᠤᠭ ᠳᠠᠩᠰᠠᠯᠠᠭᠤᠯᠪᠠ᠃ ︵ᠠᠷᠠᠳ ᠤᠨ ᠶᠠᠪᠤᠳᠠᠯ ᠤᠨ ᠲᠣᠪᠴᠢᠶ᠎ᠠ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号