︽ᠲᠤᠰᠬᠠᠶ ᠠᠰᠢᠭ ᠤᠨ ᠰᠦᠢᠳᠭᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠳᠣᠭᠢᠷᠠᠭᠤᠯᠤᠨ | ᠰᠢᠯᠢᠳᠡᠭᠵᠢᠭᠦᠯᠬᠦ ᠲᠤᠬᠠᠶ ᠡᠳ᠋ ᠤᠨ ᠵᠠᠰᠠᠭ ᠤᠨ ᠶᠠᠮᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠮᠡᠳᠡᠭᠳᠡᠯ︾ ︵ᠡᠳ᠋ ᠭᠠᠶᠢᠯᠢ ﹇2024﹈ 23 ᠳ᠋ᠤᠭᠠᠷ ᠲᠣᠭᠠᠲᠤ︶᠂ ︽ᠲᠤᠰᠬᠠᠶ ᠠᠰᠢᠭ ᠤᠨ | ᠡᠷᠬᠡ ᠶᠢᠨ ᠨᠥᠬᠦᠪᠥᠷᠢ ᠶᠢᠨ ᠬᠤᠭᠤᠴᠠᠭᠠᠨ ᠤ ᠣᠨ ᠤ ᠰᠦᠢᠳᠬᠡᠯ ᠤᠨ ᠪᠠᠷᠢᠮᠵᠢᠶ᠎ᠠ ᠵᠡᠷᠭᠡ ᠬᠤᠯᠪᠣᠭᠳᠠᠯ ᠪᠥᠬᠦᠶ | ᠵᠦᠢᠯᠡᠰ ᠤᠨ ᠲᠤᠬᠠᠶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠡᠳ᠋ ᠤᠨ ᠵᠠᠰᠠᠭ ᠤᠨ ᠶᠠᠮᠤᠨ ᠤ | ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠦᠨ᠎ᠡ ᠬᠠᠩᠰᠢ ﹇2024﹈ 1156 ᠳ᠋ᠤᠭᠠᠷ ᠲᠣᠭᠠᠲᠤ︶ ᠢ | ᠦᠨᠳᠦᠰᠦᠯᠡᠨ᠂ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠬᠢᠨ | ᠳᠡᠭᠡᠷ᠎ᠡ ᠳᠤᠷᠠᠳᠤᠭᠰᠠᠨ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠰᠡᠭ ᠲᠤᠰᠬᠠᠶ ᠠᠰᠢᠭ ᠤᠨ ᠰᠦᠢᠳᠭᠡᠯ | ᠬᠤᠷᠢᠶᠠᠬᠤ ᠪᠠᠷᠢᠮᠵᠢᠶ᠎ᠠ ᠪᠠ ᠬᠠᠰᠤᠵᠤ ᠲᠤᠰᠢᠶᠠᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ᠂ ᠡᠳᠦᠭᠡ | ᠬᠤᠯᠪᠣᠭᠳᠠᠯ ᠪᠥᠬᠦᠶ ᠵᠦᠢᠯᠡᠰ ᠢ ᠳᠤᠤᠷᠠᠬᠢ ᠮᠡᠲᠦ ᠮᠡᠳᠡᠭᠳᠡᠶ᠎ᠡ᠄ | ᠨᠢᠭᠡ᠂ ᠲᠤᠰᠬᠠᠢ ᠠᠰᠢᠭ ᠤᠨ ᠡᠷᠬᠡᠲᠦ ᠬᠥᠮᠦᠨ ᠲᠤᠰᠬᠠᠢ ᠠᠰᠢᠭ ᠤᠨ ᠡᠷᠬᠡ ᠶᠢᠨ ᠬᠤᠭᠤᠴᠠᠭᠠᠨ ᠳᠤ | ᠨᠥᠬᠦᠪᠥᠷᠢ ᠠᠪᠬᠤ ᠭᠤᠶᠤᠴᠢᠯᠠᠯ ᠭᠠᠷᠭᠠᠪᠠᠯ᠂ ᠲᠤᠰᠬᠠᠢ ᠠᠰᠢᠭ ᠤᠨ ᠡᠷᠬᠡ ᠶᠢᠨ ᠬᠤᠭᠤᠴᠠᠭᠠᠨ ᠳᠤ ᠨᠥᠬᠦᠪᠥᠷᠢ | ᠠᠪᠬᠤ ᠭᠤᠶᠤᠴᠢᠯᠠᠯ ᠤᠨ ᠰᠦᠢᠳᠬᠡᠯ ᠲᠤᠰᠢᠶᠠᠬᠤ ᠬᠡᠷᠡᠭᠲᠡᠢ᠂ ᠰᠦᠢᠳᠬᠡᠯ ᠬᠤᠷᠢᠶᠠᠬᠤ ᠪᠠᠷᠢᠮᠵᠢᠶ᠎ᠠ ᠨᠢ ᠵᠦᠢᠯ | ᠪᠦᠷᠢ ᠳᠤ 200 ᠲᠥᠭᠦᠷᠢᠭ ᠪᠣᠯᠤᠨ᠎ᠠ᠃ ᠲᠤᠰᠬᠠᠶ ᠠᠰᠢᠭ ᠤᠨ ᠡᠷᠬᠡ ᠶᠢᠨ ᠬᠤᠭᠤᠴᠠᠭᠠᠨ ᠳᠤ ᠨᠥᠬᠦᠪᠥᠷᠢ ᠠᠪᠬᠤ | ᠭᠤᠶᠤᠴᠢᠯᠠᠯ ᠢ ᠬᠢᠨᠠᠨ ᠪᠠᠶᠢᠴᠠᠭᠠᠭᠠᠳ ᠬᠤᠭᠤᠴᠠᠭ᠎ᠠ ᠬᠢᠵᠠᠭᠠᠷ ᠤᠨ ᠨᠥᠬᠦᠪᠥᠷᠢ ᠥᠭᠬᠦ ᠨᠥᠬᠦᠴᠡᠯ ᠳᠤ ᠨᠡᠶᠢᠴᠡᠭᠰᠡᠨ | ᠪᠠᠶᠢᠪᠠᠯ᠂ ᠲᠤᠰᠬᠠᠶ ᠠᠰᠢᠭ ᠤᠨ ᠡᠷᠬᠡ ᠶᠢᠨ ᠨᠥᠬᠦᠪᠥᠷᠢ ᠥᠭᠬᠦ ᠬᠤᠭᠤᠴᠠᠭᠠᠨ ᠤ ᠵᠢᠯ ᠤᠨ ᠰᠦᠢᠳᠭᠡᠯ ᠲᠤᠰᠢᠶᠠᠬᠤ | ᠬᠡᠷᠡᠭᠲᠡᠶ᠂ ᠰᠦᠢᠳᠭᠡᠯ ᠬᠤᠷᠢᠶᠠᠬᠤ ᠪᠠᠷᠢᠮᠵᠢᠶ᠎ᠠ ᠨᠢ ᠵᠦᠢᠯᠡᠰ ᠪᠦᠷᠢ ᠠᠴᠠ ᠵᠢᠯ ᠳᠤ 8000 ᠲᠥᠭᠦᠷᠢᠭ | ᠬᠤᠷᠢᠶᠠᠨ᠎ᠠ᠂ ᠨᠢᠭᠡ ᠵᠢᠯ ᠬᠥᠷᠬᠦ ᠥᠬᠡᠶ ᠬᠡᠰᠡᠭ ᠠᠴᠠ ᠰᠦᠢᠳᠭᠡᠯ ᠬᠤᠷᠢᠶᠠᠬᠤ ᠥᠬᠡᠶ᠃ | ᠬᠤᠶᠠᠷ᠂ ᠲᠤᠰᠬᠠᠶ ᠠᠰᠢᠭ ᠤᠨ ᠨᠡᠭᠡᠭᠡᠯᠲᠡ ᠬᠢᠬᠦ ᠶᠢ ᠵᠥᠪᠰᠢᠶᠡᠷᠡᠬᠦ ᠶᠢ ᠬᠡᠷᠡᠭᠵᠢᠭᠦᠯᠬᠦ ᠬᠤᠭᠤᠴᠠᠭᠠᠨ ᠳᠠᠬᠢ | ᠲᠤᠰᠬᠠᠶ ᠠᠰᠢᠭ ᠤᠨ ᠣᠨ ᠤ ᠵᠠᠷᠤᠳᠠᠯ ᠢ 15% ᠪᠠᠷ ᠬᠠᠰᠤᠵᠤ ᠭᠡᠯᠳᠦᠷᠢᠭᠦᠯᠦᠨ᠎ᠡ᠃ ᠡᠭᠦᠨ ᠤ ᠬᠠᠮᠲᠤ ᠲᠤᠰᠬᠠᠶ | ᠠᠰᠢᠭ ᠤᠨ ᠰᠦᠢᠳᠭᠡᠯ ᠬᠤᠷᠢᠶᠠᠬᠤ ᠶᠢ ᠬᠠᠰᠤᠵᠤ ᠬᠡᠯᠲᠦᠷᠢᠭᠦᠯᠬᠦ ᠪᠤᠰᠤᠳ ᠲᠥᠷᠥ ᠶᠢᠨ ᠪᠣᠳᠣᠯᠭ᠎ᠠ ᠶᠢ ᠬᠡᠷᠡᠭᠯᠡᠬᠦ ᠳᠤ | ᠳᠣᠭᠢᠷᠠᠪᠠᠯ᠂ ᠬᠠᠮᠤᠭ ᠤᠨ ᠬᠠᠷᠠᠭᠠᠯᠵᠠᠯ ᠲᠠᠢ ᠲᠥᠷᠥ ᠶᠢᠨ ᠪᠣᠳᠣᠯᠭ᠎ᠠ ᠶᠢ ᠰᠣᠩᠭᠤᠨ ᠬᠡᠷᠡᠭᠯᠡᠵᠦ ᠪᠣᠯᠤᠨ᠎ᠠ᠂ ᠭᠡᠪᠡᠴᠦ | ᠳᠠᠪᠬᠤᠷᠳᠠᠭᠤᠯᠤᠨ ᠭᠥᠷᠳᠡᠵᠦ ᠪᠣᠯᠬᠤ ᠥᠬᠡᠶ᠃ |