ᠪᠦᠯᠬᠦᠮᠳᠠᠯ 21 ᠳ᠋ᠤᠭᠡᠷ ᠨᠡᠶᠢᠭᠡᠮ ᠲᠣᠭᠤᠷᠢᠭ ︽ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠡᠮᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠵᠤ ᠡᠷᠡᠭᠦᠯ ᠮᠡᠨᠳᠦ ᠶᠢ ᠬᠠᠮᠲᠤ ᠪᠠᠷ ᠠᠩᠬᠠᠷᠴᠤ ᠨᠢᠭᠡ ᠬᠡᠷ ᠮᠡᠲᠦ ᠲᠤᠳᠤᠨᠤ ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/17
    ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠡᠳᠡᠨ ᠤ ᠡᠷᠡᠭᠦᠯ ᠮᠡᠨᠳᠦ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 8 ᠰᠠᠷ᠎ᠠ ᠶᠢᠨ 12 ᠤᠨ ᠡᠳᠦᠷ᠂ ᠪᠦᠯᠬᠦᠮᠳᠠᠯ 21 ᠳ᠋ᠤᠭᠡᠷ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠬᠦᠨᠳᠡᠯᠡᠨ ᠭᠤᠤᠯ ᠨᠢᠭᠡᠳᠦᠭᠡᠷ ᠨᠡᠷᠡᠮᠵᠢᠲᠦ ᠹᠠᠩ ᠰᠢᠩ ᠣᠶᠤᠨᠴᠢ ᠠᠳᠠᠯ ᠠᠬᠤᠶ ᠶᠢᠨ ᠬᠠᠮᠢᠶᠠᠷᠤᠯᠳᠠ ᠶᠢᠨ ᠦᠶᠯᠡᠰ᠂ ᠪᠤᠭᠤᠲᠤ ᠬᠤᠲᠠ ᠶᠢᠨ ᠶᠦᠨ ᠺᠠᠩ ᠬᠢᠲᠠᠳ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠬᠦᠨᠳᠡᠯᠡᠨ ᠭᠤᠤᠯ ᠨᠢᠭᠡᠳᠦᠭᠡᠷ ᠨᠡᠷᠡᠮᠵᠢᠲᠦ ᠠᠭᠤᠳᠠᠮ ᠲᠠᠯᠠᠪᠠᠶ ᠳᠤ ︽ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠡᠮᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠵᠤ ᠡᠷᠡᠭᠦᠯ ᠮᠡᠨᠳᠦ ᠶᠢ ᠬᠠᠮᠲᠤ ᠪᠠᠷ ᠠᠩᠬᠠᠷᠴᠤ ᠨᠢᠭᠡ ᠬᠡᠷ ᠮᠡᠲᠦ ᠲᠤᠳᠤᠨᠤ︾ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃
    ︽ᠠᠨᠠᠷ ᠤᠨ ᠦᠷ᠎ᠡ ᠡᠮᠴᠢᠯᠡᠭᠡᠨ ᠤ ᠦᠶᠯᠡᠴᠢᠯᠡᠭᠡᠨ ᠤ ᠠᠩᠭᠢ︾ ᠨᠢ ᠰᠠᠭᠤᠭᠠᠯᠢ ᠠᠷᠠᠳ ᠤᠨ ᠡᠪᠡᠳᠴᠢᠨ ᠤ ᠪᠠᠶᠢᠳᠠᠯ ᠪᠠ ᠡᠪᠡᠳᠴᠢᠨ ᠤ ᠢᠯᠡᠷᠡᠯ ᠢ ᠦᠵᠡᠬᠦ᠂ ᠦᠨᠦᠷᠯᠡᠬᠦ᠂ ᠠᠰᠠᠭᠤᠬᠤ ᠪᠠᠷ ᠳᠠᠮᠵᠢᠭᠤᠯᠤᠨ ᠨᠠᠷᠢᠨ ᠪᠠᠶᠢᠴᠠᠭᠠᠬᠤ ᠶᠢᠨ ᠬᠠᠮᠲᠤ ᠰᠠᠭᠤᠭᠠᠯᠢ ᠠᠷᠠᠳ ᠲᠤ ᠴᠢᠰᠤᠨ ᠳᠠᠷᠤᠯᠲᠠ᠂ ᠴᠢᠰᠤᠨ ᠰᠢᠬᠢᠷ ᠢ ᠪᠠᠶᠢᠴᠠᠭᠠᠵᠤ ᠦᠭᠬᠦ᠂ ᠡᠷᠡᠭᠦᠯ ᠮᠡᠨᠳᠦ ᠶᠢᠨ ᠵᠥᠪᠯᠡᠯᠭᠡ ᠥᠭᠬᠦ ᠵᠡᠷᠭᠡ ᠦᠶᠯᠡᠴᠢᠯᠡᠭᠡ ᠬᠠᠩᠭᠠᠵᠤ᠂ ᠲᠡᠳᠡᠨ ᠢ ᠬᠠᠪᠰᠤᠷᠤᠨ ᠲᠣᠰ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢ ᠨᠢ ᠴᠠᠭ ᠲᠤᠬᠠᠶ ᠳᠤᠨᠢ ᠡᠵᠡᠮᠰᠢᠭᠦᠯᠪᠠ︔ ᠡᠭᠦᠨ ᠤ ᠬᠠᠮᠲᠤ᠂ ᠡᠳᠦᠷ ᠲᠤᠲᠤᠮ ᠤᠨ ᠡᠷᠡᠭᠦᠯᠵᠢᠯ᠂ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠡᠵᠡᠮᠳᠡᠬᠦ ᠵᠡᠷᠭᠡ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠦᠨᠳᠦᠰᠦᠲᠡᠨ ᠨᠦᠭᠦᠳ ᠤᠨ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠡᠷᠡᠭᠦᠯ ᠮᠡᠨᠳᠦ ᠡᠷᠡᠭᠦᠯᠵᠢᠯ ᠤᠨ ᠮᠡᠳᠡᠯᠭᠡ ᠶᠢ ᠡᠵᠡᠮᠰᠢᠭᠦᠯᠵᠦ᠂ ᠰᠢᠨᠵᠢᠯᠡᠬᠦ ᠤᠬᠠᠭᠠᠨᠴᠢ ᠡᠷᠡᠭᠦᠯ ᠰᠠᠷᠠᠭᠤᠯ ᠠᠮᠢᠳᠤᠷᠠᠯ ᠤᠨ ᠳᠠᠳᠬᠠᠯ ᠲᠠᠢ ᠪᠣᠯᠭᠠᠪᠠ᠃ ᠸᠠᠩ ᠨᠠᠰᠤᠲᠠᠨ ᠢᠨᠢᠶᠡᠮᠰᠦᠭᠯᠡᠨ᠄ ︽ᠡᠨᠡ ᠤᠳᠠᠭ᠎ᠠ ᠶᠢᠨ ᠠᠵᠢᠯᠯᠠᠭ᠎ᠠ ᠨᠢ ᠪᠢᠳᠡᠨ ᠳᠤ ᠬᠡᠷ ᠤᠨ ᠡᠭᠦᠳᠡᠨ ᠳᠤ ᠲᠤᠰᠬᠠᠶ ᠮᠡᠷᠭᠡᠵᠢᠯ ᠤᠨ ᠡᠮᠴᠢᠯᠡᠭᠡᠨ ᠤ ᠦᠶᠯᠡᠴᠢᠯᠡᠭᠡ ᠬᠦᠷᠲᠡᠭᠡᠵᠦ᠂ ᠨᠡᠶᠢᠭᠡᠮ ᠲᠣᠭᠤᠷᠢᠭ ᠤᠨ ᠬᠢᠨ ᠪᠢᠳᠡᠨ ᠤ ᠡᠷᠡᠭᠦᠯ ᠮᠡᠨᠳᠦ ᠶᠢ ᠬᠠᠯᠠᠮᠵᠢᠯᠠᠨ ᠴᠢᠬᠤᠯᠠᠴᠢᠯᠠᠵᠤ ᠪᠠᠶᠢᠬᠤ ᠶᠢ ᠮᠡᠳᠡᠷᠡᠭᠦᠯᠪᠡ︾ ᠬᠡᠪᠡ᠃      ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠪᠠᠷ ᠭᠤᠤᠯ ᠰᠢᠵᠢᠮ ᠪᠣᠯᠭᠠᠵᠤ᠂ ᠰᠠᠭᠤᠭᠠᠯᠢ ᠠᠷᠠᠳ ᠲᠤ ᠦᠶᠯᠡᠴᠢᠯᠡᠭᠡ ᠬᠦᠷᠭᠡᠬᠦ᠂ ᠬᠠᠶᠢᠷ᠎ᠠ ᠬᠠᠯᠠᠮᠵᠢ ᠬᠦᠷᠭᠡᠬᠦ ᠣᠶᠢᠯᠠᠭᠠᠭᠳᠠᠬᠤᠨ ᠢ ᠦᠷᠭᠦᠯᠵᠢᠯᠡᠨ    ᠪᠠᠷᠢᠮᠲᠠᠯᠠᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢ ᠨᠠᠩ ᠰᠠᠶᠢᠲᠤᠷ ᠬᠠᠯᠠᠮᠵᠢᠯᠠᠨ ᠬᠠᠶᠢᠷᠠᠯᠠᠵᠤ᠂ ᠨᠡᠶᠢᠭᠡᠮ ᠲᠣᠭᠤᠷᠢᠭ ᠬᠢᠭᠡᠳ ᠦᠨᠳᠦᠰᠦᠲᠡᠨ ᠨᠦᠭᠦᠳ ᠤᠨ ᠣᠯᠠᠨ ᠲᠦᠮᠡᠨ ᠨᠢᠭᠡ ᠬᠡᠷ ᠮᠡᠲᠦ ᠳᠣᠲᠣᠨᠣ ᠪᠠᠶᠢᠬᠤ ᠪᠠᠶᠢᠳᠠᠯ ᠢ ᠦᠨᠡᠨ ᠬᠦ ᠪᠣᠶ ᠪᠣᠯᠭᠠᠵᠤ᠂ ᠬᠠᠷᠢᠶ᠎ᠠ ᠣᠷᠣᠨ ᠤ ᠡᠯ᠎ᠡ ᠠᠵᠢᠯ ᠲᠥᠷᠥᠯ ᠤᠨ ᠴᠢᠨᠠᠷ ᠰᠠᠶᠢᠲᠠᠶ ᠡᠬᠢ ᠪᠠᠶᠠᠯᠢᠭ ᠢ ᠪᠦᠲᠦᠮᠵᠢᠲᠡᠶ ᠠᠭᠤᠰᠤᠯᠴᠠᠭᠤᠯᠵᠤ᠂ ᠣᠯᠠᠨ ᠠᠷᠭ᠎ᠠ ᠵᠠᠮ᠂ ᠣᠯᠠᠨ ᠬᠡᠯᠪᠡᠷᠢ ᠪᠠᠷ᠂ ᠣᠯᠠᠨ ᠶᠠᠩᠵᠤ ᠶᠢᠨ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠪᠡ᠃
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号