ᠶᠢᠨ ᠶᠦᠩ ᠯᠢ ᠭᠤᠤᠯᠳᠠᠯᠭ᠎ᠠ ᠲᠠᠢ ᠲᠥᠷᠥᠯ ᠵᠦᠶᠯ ᠪᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/17
      8 ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠭᠤᠤᠯᠳᠠᠯᠭ᠎ᠠ ᠲᠠᠢ ᠲᠥᠷᠥᠯ ᠵᠦᠶᠯ ᠪᠣᠯᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯ ᠢ ᠪᠠᠶᠢᠴᠠᠭᠠᠨ ᠰᠤᠳᠤᠯᠪᠠ᠃       ᠶᠢᠨ ᠶᠦᠩ ᠯᠢ ᠨᠡᠷ ᠤᠷᠢᠳ ᠬᠤᠵᠢᠳ ᠪᠤᠷᠬᠠᠨᠲᠤ ᠪᠠᠯᠭᠠᠰᠤ ᠶᠢᠨ 500KV ᠤᠨ ᠬᠦᠴᠦᠳᠡᠯ ᠥᠭᠡᠷᠡᠴᠢᠯᠡᠬᠦ ᠥᠷᠲᠡᠭᠡᠨ ᠤ ᠲᠦᠷᠦᠯ ᠵᠦᠢᠯ᠂ ᠰᠢᠩ ᠬᠤᠸᠠ ᠶᠡᠭᠡ ᠵᠡᠭᠡᠯᠢ ᠶᠢᠨ ᠵᠠᠮ ᠤᠨ ᠪᠠᠷᠢᠯᠭ᠎ᠠ᠂ ᠠᠵᠤ ᠦᠢᠯᠡᠳᠪᠦᠷᠢ ᠶᠢᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠢᠨᠵᠧᠨᠧᠷᠢᠩ᠂ ᠪᠤᠭᠤᠲᠤ ᠶᠢᠨ ᠮᠧᠢ ᠺᠧ ᠴᠠᠬᠢᠭᠤᠷ ᠤᠨ ᠡᠨᠧᠷᠭᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠨ ᠶᠤᠸᠠᠨ ᠴᠠᠬᠢᠭᠤᠷ ᠤᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠬᠦᠷᠴᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠨᠠᠷᠢᠨ    ᠣᠶᠢᠯᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃       ᠶᠢᠨ ᠶᠦᠩ ᠯᠢ᠂ ᠪᠥᠬᠦ ᠲᠤᠭᠤᠷᠢᠭ ᠤᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠢ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠲᠥᠷᠥᠯ ᠵᠦᠶᠯ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠂ ᠲᠥᠷᠥᠯ ᠵᠦᠶᠯ ᠢ ᠰᠦᠪᠡᠭᠴᠢᠯᠡᠬᠦ ᠪᠣᠯ ᠳᠠᠷᠤᠶ ᠢᠷᠡᠭᠡᠳᠦᠶ ᠶᠢ ᠰᠦᠪᠡᠭᠴᠢᠯᠡᠵᠦ ᠪᠠᠶᠢᠭ᠎ᠠ ᠶᠠᠪᠤᠳᠠᠯ ᠮᠥᠨ︾ ᠭᠡᠬᠦ ᠢᠯᠡ ᠲᠣᠳᠣ ᠤᠳᠤᠷᠢᠳᠤᠮᠵᠢ ᠶᠢ ᠪᠠᠲᠤ ᠪᠣᠶ ᠪᠣᠯᠭᠠᠵᠤ᠂ ︽ᠯᠠᠪᠳᠠᠢ ᠰᠢᠶᠳᠪᠦᠷᠢᠯᠡᠬᠦ ᠠᠷᠭ᠎ᠠ ᠪᠠᠶᠢᠬᠤ ᠰᠡᠳᠬᠢᠬᠦᠶ︾ ᠪᠠᠷ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠲᠦᠪᠡᠭᠲᠡᠶ ᠠᠰᠠᠭᠤᠳᠠᠯ ᠬᠦᠴᠢᠷ ᠠᠰᠠᠭᠤᠳᠠᠯ ᠢ ᠰᠢᠶᠳᠪᠦᠷᠢᠯᠡᠬᠦ ᠬᠡᠷᠡᠭᠲᠡᠶ᠃ ᠡᠯ᠎ᠡ ᠪᠠᠷᠢᠯᠭ᠎ᠠ ᠶᠢᠨ ᠨᠢᠭᠡᠴᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠶᠴᠡᠳᠬᠡᠵᠦ᠂ ᠠᠵᠢᠯ ᠤᠨ ᠨᠠᠷᠢᠨ ᠲᠠᠩᠰᠠ ᠭᠠᠷᠭᠠᠵᠤ᠂ ᠴᠠᠭ ᠤᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠠᠵᠢᠯ ᠢ ᠡᠳᠦᠷ ᠲᠤᠭᠠᠯᠠᠨ ᠵᠢᠭᠰᠠᠭᠠᠵᠤ᠂ ᠠᠬᠢᠴᠠ ᠶᠢ ᠴᠢᠩᠭ᠎ᠠ ᠠᠳᠬᠤᠵᠤ᠂ ᠶᠠᠰᠤ ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠠᠶᠤᠯᠭᠦᠶ ᠦᠶᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤᠷ ᠲᠦᠪᠰᠢᠨ ᠤ ᠬᠠᠮᠢᠶᠠᠷᠤᠯᠲᠠ ᠪᠣᠯᠤᠨ ᠪᠠᠷᠢᠯᠭ᠎ᠠ ᠶᠢᠨ ᠠᠵᠢᠯᠲᠠᠨ ᠤ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠬᠤ ᠪᠠ ᠠᠷᠢᠯᠭᠠᠵᠤ᠂ ᠪᠠᠷᠢᠮᠵᠢᠶᠠᠵᠢᠭᠤᠯᠤᠨ ᠪᠠᠷᠢᠯᠭ᠎ᠠ ᠪᠠᠷᠢᠬᠤ᠂ ᠵᠢᠷᠤᠮᠵᠢᠭᠤᠯᠤᠨ ᠬᠠᠮᠢᠶᠠᠷᠬᠤ ᠶᠢ ᠪᠡᠶᠡᠯᠡᠭᠦᠯᠵᠦ᠂ ᠭᠤᠤᠯᠳᠠᠯᠭ᠎ᠠ ᠲᠠᠢ ᠲᠥᠷᠥᠯ ᠵᠦᠶᠯ ᠤᠨ ᠠᠮᠤᠷ ᠲᠦᠪᠰᠢᠨ ᠡᠮᠬᠢ ᠵᠢᠷᠤᠮ ᠲᠠᠢ ᠠᠭᠢᠬᠤ ᠶᠢ ᠪᠠᠲᠤᠯᠠᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠦᠶᠯᠡᠴᠢᠯᠡᠭᠡᠨ ᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ᠂ ᠡᠬᠢ ᠪᠠᠶᠠᠯᠢᠭ ᠤᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠶᠳᠪᠦᠷᠢᠯᠡᠵᠦ ᠦᠭᠬᠦᠨ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠵᠦ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠲᠡᠶ᠃ ᠡᠯ᠎ᠡ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠲᠣᠰ ᠪᠡᠶ᠎ᠡ ᠶᠢᠨ ᠣᠨᠴᠠᠯᠢᠭ ᠪᠠ ᠳᠠᠪᠠᠭᠤᠯᠢᠭ ᠲᠠᠭᠠᠨ ᠰᠠᠭᠤᠷᠢᠯᠠᠨ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠨ᠂ ᠦᠶᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠢᠶᠠᠨ ᠢᠳᠡᠪᠬᠢᠲᠡᠶ ᠥᠷᠭᠡᠳᠬᠡᠨ᠂ ᠲᠠᠰᠤᠷᠠᠯᠲᠠ ᠥᠬᠡᠶ ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠵᠦ᠂ ᠬᠥᠨᠳᠡᠯᠡᠨ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠬᠡᠵᠡᠢ᠃         ᠲᠤᠭᠤᠷᠢᠭ ᠤᠨ ᠤᠳᠤᠷᠢᠳᠤᠯᠭ᠎ᠠ ᠹᠦ᠋ ᠢᠦᠶ᠂ ᠢᠦᠶ ᠷᠦᠢ ᠴᠢᠩ᠂ ᠰᠤ᠋ ᠵᠢᠶᠦ᠋ᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ︵ᠰᠤᠷᠪᠤᠯᠵᠢᠯᠠᠭᠴᠢ᠄ ᠶᠠᠨ ᠢ ᠫᠸᠢ   ᠬᠢᠨᠠᠨ ᠬᠠᠷᠭᠤᠭᠤᠯᠤᠬᠰᠠᠨ ᠨᠢ  ᠄ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号