ᠬᠥᠨᠳᠡᠯᠡᠨ ᠲᠣᠭᠤᠷᠢᠭ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/17
      8 ᠰᠠᠷ᠎ᠠ ᠶᠢᠨ 15 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠶᠦᠩ ᠯᠢ ᠪᠥᠬᠦ ᠲᠤᠭᠤᠷᠢᠭ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠲᠤᠭᠤᠷᠢᠭ  ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠲᠤᠭᠤᠷᠢᠭ ᠤᠨ ᠤᠳᠤᠷᠢᠳᠤᠯᠭ᠎ᠠ ᠢᠦᠢ ᠵᠠᠨ ᠵᠢᠶᠠᠩ᠂ ᠸᠠᠩ ᠸᠧᠢ᠂ ᠢᠦᠢ ᠷᠦᠢ ᠴᠢᠩ᠂ ᠰᠤ᠋ ᠵᠢᠶᠦ᠋ᠨ᠂ ᠦ᠋ ᠱᠧᠨ ᠮᠦᠸᠧ᠂ ᠯᠢ ᠬᠤᠩ ᠢᠦᠢ᠂ ᠵᠧᠦ ᠬᠠᠢ ᠹᠸᠢ ᠬᠤᠷᠠᠯ ᠳᠤ ᠣᠷᠣᠯᠴᠠᠪᠠ᠃       ᠶᠢᠨ ᠶᠦᠩ ᠯᠢ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠲᠥᠰᠦᠪᠯᠡᠨ ᠪᠠᠶᠢᠷᠢᠯᠠᠭᠤᠯᠤᠭᠰᠠᠨ ᠴᠢᠬᠤᠯᠠ ᠶᠡᠭᠡ ᠤᠯᠤᠰ ᠤᠨ ᠪᠠᠶᠢᠯᠳᠤᠬᠤ ᠪᠤᠳᠤᠯᠭ᠎ᠠ ᠪᠣᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠭᠤᠣᠯᠳᠠᠯᠭ᠎ᠠ ᠲᠠᠢ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠬᠤ ᠬᠡᠷᠡᠭᠳᠡᠢ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠠᠶᠤᠯ ᠲᠦᠭᠰᠢᠭᠦᠷᠢ ᠬᠡᠮ ᠰᠤᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠳᠡᠢ᠂ ᠪᠦᠬᠦ ᠬᠦᠴᠦᠨ ᠢᠶᠠᠷ ᠢᠶᠠᠨ ᠳᠤᠲᠠᠭᠤᠳᠠᠯ ᠢ ᠨᠥᠬᠦᠪᠥᠷᠢᠯᠡᠵᠤ᠂ ᠪᠠᠭᠤᠷᠠᠶ ᠲᠠᠯ᠎ᠠ ᠪᠠᠨ ᠬᠦᠴᠦᠷᠭᠡᠭᠵᠢᠬᠦᠯᠵᠦ᠂ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠳᠡᠢ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠭᠤᠶᠢᠪᠢᠰᠢ ᠥᠬᠡᠶ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠶ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠠᠮᠵᠢᠯᠴᠠᠭ᠎ᠠ ᠪᠠᠨ ᠴᠢᠩᠭᠠᠳᠬᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠦᠵᠡᠰᠬᠦᠯᠡᠩᠲᠦ ᠰᠠᠶᠢᠬᠠᠨ ᠬᠥᠨᠳᠡᠯᠡᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠲᠠᠰᠤᠷᠠᠯᠲᠠ ᠥᠬᠡᠶ ᠰᠢᠨ᠎ᠡ ᠰᠢᠪᠲᠤᠯᠤᠯᠲᠠ ᠲᠠᠢ ᠪᠣᠯᠬᠤ ᠶᠢ ᠬᠦᠴᠦᠯᠡᠨ ᠠᠬᠢᠭᠤᠯᠬᠤ ᠬᠡᠷᠡᠭᠲᠡᠶ ᠭᠡᠪᠠ᠃ ︵ᠰᠤᠷᠪᠤᠯᠵᠢᠯᠠᠭᠴᠢ᠄ ᠹᠧᠩ ᠰᠢᠤᠸᠠᠢ᠂ ᠯᠢᠦ ᠵᠢᠩ ᠬᠠᠨ  ᠬᠢᠨᠠᠨ ᠬᠠᠷᠭᠤᠭᠤᠯᠤᠬᠰᠠᠨ ᠨᠢ  ᠄     ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号