ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/17
     8 ᠰᠠᠷ᠎ᠠ ᠶᠢᠨ 15 ᠤ ᠡᠳᠦᠷ᠂ ᠬᠥᠨᠳᠡᠯᠡᠨ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯ ᠬᠤᠷᠠᠯᠳᠤᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠧᠦ ᠮᠢᠨ ᠵᠢᠶᠧ᠂ ᠳᠡᠳ᠋ ᠡᠷᠬᠢᠯᠡᠭᠴᠢ ᠬᠤ᠋ ᠰᠢᠶᠠ᠂ ᠸᠠᠩ ᠸᠧᠢ᠂ ᠯᠢᠦ ᠯᠢ ᠰᠢᠶᠠ᠂ ᠬᠠᠰᠪᠢᠯᠢᠭ᠌ ᠵᠢᠴᠢ ᠭᠡᠰᠢᠭᠦᠳ 29 ᠬᠥᠮᠦᠨ ᠬᠤᠷᠠᠯ ᠳᠤ ᠣᠷᠣᠯᠴᠠᠵᠠᠢ᠃ ᠵᠧᠤ ᠮᠢᠨ ᠵᠢᠶᠧ᠂ ᠬᠤ᠋ ᠰᠢᠶᠠ ᠲᠣᠰ ᠲᠣᠰ ᠠᠩᠬᠠᠳᠤᠭᠠᠷ ᠤᠳᠠᠭ᠎ᠠ ᠪᠠ ᠬᠤᠶᠠᠳᠤᠭᠠᠷ ᠤᠳᠠᠭᠠᠨ ᠤ ᠪᠥᠬᠦᠳᠡ ᠬᠤᠷᠠᠯ ᠢ ᠡᠷᠭᠢᠯᠡᠪᠡ᠃
     ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠸᠠᠩ ᠸᠧᠶ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ  ᠳᠡᠳ᠋ ᠳᠠᠷᠤᠭ᠎ᠠ ᠢᠦᠶ ᠷᠦᠢ ᠴᠢᠩ᠂ ᠲᠣᠭᠤᠷᠢᠭ ᠤᠨ ᠳᠡᠳ᠋ ᠳᠠᠷᠤᠭ᠎ᠠ ᠡᠤ ᠱᠧᠨ ᠮᠦᠸᠧ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢᠦ ᠵᠢᠶᠦ᠋ᠩ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠪᠦᠷᠢᠯᠳᠦᠬᠦᠨ᠂ ᠡᠯ᠎ᠡ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠡᠷᠬᠢᠯᠡᠭᠴᠢ ᠵᠢᠴᠢ ᠲᠣᠭᠤᠷᠢᠭ ᠤᠨ 5 ᠠᠷᠠᠳ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃      ᠬᠤᠷᠠᠯ ᠠᠴᠠ 2024 ᠣᠨ ᠤ ᠡᠮᠦᠨᠡᠬᠢ ᠨᠢᠭᠡ ᠬᠡᠰᠡᠭ ᠬᠤᠭᠤᠴᠠᠭᠠᠨ ᠤ ᠤᠯᠤᠰ ᠠᠷᠠᠳ ᠤᠨ ᠠᠵᠤ    ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠲᠣᠭᠤᠷᠢᠭ ᠤᠨ  ᠠᠷᠠᠳ ᠤᠨ ᠵᠠᠰᠠᠭ ᠤᠨ ᠣᠷᠳᠣᠨ ᠤ ᠲᠤᠰᠬᠠᠶ ᠠᠵᠢᠯ ᠤᠨ ᠮᠡᠳᠡᠭᠦᠯᠦᠯᠲᠡ᠂ 2024 ᠣᠨ ᠤ ᠡᠮᠦᠨᠡᠬᠢ ᠨᠢᠭᠡ ᠬᠡᠰᠡᠭ ᠬᠤᠭᠤᠴᠠᠭᠠᠨ ᠤ ᠲᠥᠰᠦᠪ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠰᠬᠠᠶ ᠠᠵᠢᠯ ᠤᠨ ᠮᠡᠳᠡᠭᠦᠯᠦᠯᠲᠡ᠂ ᠲᠣᠭᠤᠷᠢᠭ ᠤᠨ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠶᠳᠪᠦᠷᠢᠯᠡᠭᠰᠡᠨ ᠪᠠᠶᠢᠳᠠᠯ ᠤᠨ ᠲᠤᠬᠠᠶ    ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ  ᠲᠤᠰᠬᠠᠶ ᠠᠵᠢᠯ ᠤᠨ ᠮᠡᠳᠡᠭᠦᠯᠦᠯᠲᠡ᠂ ᠤᠯᠤᠰ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ  ᠲᠤᠰᠬᠠᠶ ᠠᠵᠢᠯ ᠤᠨ ᠮᠡᠳᠡᠭᠦᠯᠦᠯᠲᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠬᠢᠯᠭᠠᠨ ᠴᠢᠮᠡᠭᠡ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠬᠠᠤᠯᠢ︾ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠶ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ᠮᠡᠳᠡᠭᠦᠯᠦᠯᠲᠡ ᠶᠢ  ᠰᠤᠨᠤᠰᠤᠬᠰᠠᠨ ᠪᠦᠬᠡᠳ ᠬᠢᠨᠠᠨ ᠵᠦᠪᠯᠡᠵᠤ ᠪᠠᠳᠤᠯᠠᠪᠠ᠃       ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠬᠤᠯᠪᠣᠭᠳᠠᠯ ᠪᠥᠬᠦᠶ ᠵᠦᠶᠯᠡᠰ ᠢ ᠪᠠᠲᠤᠯᠠᠵᠤ᠂ ᠭᠤᠤ ᠢᠦᠶ ᠫᠦ᠋ ᠶᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠠᠴᠠ ᠨᠢ ᠪᠠᠭᠤᠯᠭᠠᠬᠤ ᠪᠠᠷ ᠲᠣᠭᠲᠠᠵᠤ᠂ ᠳ᠋ᠦ᠋ ᠺᠧ ᠶᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠳᠤ ᠲᠣᠮᠢᠯᠠᠬᠤ ᠪᠠᠷ ᠲᠣᠭᠲᠠᠪᠠ᠃ ᠵᠧᠤ ᠮᠢᠨ ᠵᠢᠶᠧ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠦᠨᠳᠦᠰᠦᠨ ᠬᠠᠤᠯᠢ ᠳᠤ ᠲᠠᠩᠭᠠᠷᠢᠭᠯᠠᠭᠰᠠᠨ ᠪᠥᠭᠡᠳ ᠣᠪᠣᠷ ᠢᠶᠠᠨ ᠢᠯᠡᠳᠬᠡᠬᠦ ᠦᠭᠡ ᠬᠡᠯᠡᠵᠡᠶ᠃ ︵ᠰᠤᠷᠪᠤᠯᠵᠢᠯᠠᠭᠴᠢ᠄ ᠵᠣᠣ ᠶᠢᠨ ᠹᠧᠩ  ᠬᠢᠨᠠᠨ ᠬᠠᠷᠭᠤᠭᠤᠯᠤᠬᠰᠠᠨ ᠨᠢ᠄ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠬᠡᠷ︶
 
ᠢᠷᠡᠯᠲᠡ᠄ ᠬᠦᠨᠳᠡᠯᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号